︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/30
    ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ    2024 ᠣᠨ ᠤ 5 ᠰᠠᠷ᠎ᠠ ᠶᠢᠨ 28᠎ ᠤ ᠡᠳᠦᠷ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠤᠯᠠᠭᠠᠨᠬᠠᠳᠠ ᠬᠤᠲᠠ ᠶᠢᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ︹2024︺ 28 ᠳ᠋ᠤᠭᠠᠷ ᠲᠣᠭᠠᠲᠤ︶᠎ ᠢ ᠨᠡᠶᠢᠲᠡᠯᠡᠵᠦ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠵᠤ᠂ ᠲᠣᠰ ᠰᠠᠯᠠᠭ᠎ᠠ ᠮᠥᠴᠢᠷ ᠪᠠ ᠣᠷᠣᠨ ᠨᠤᠲᠤᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠨᠢ ᠢᠳᠡᠭᠡᠨ ᠤ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ ᠳᠤ ᠲᠤᠰ ᠪᠡᠯᠡᠳᠬᠡᠯ ᠲᠥᠰᠦᠯ ᠯᠦᠭᠡ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾᠂ ︽ᠤᠯᠤᠰ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠶᠡᠷᠥᠩᠬᠡᠶᠢᠯᠡᠨ ᠠᠷᠭᠠᠴᠠᠭᠠᠬᠤ ᠪᠡᠯᠡᠳᠬᠡᠯ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠪᠠ ︽ᠤᠯᠠᠭᠠᠨᠬᠠᠳᠠ ᠬᠤᠲᠠ ᠶᠢᠨ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾᠎ ᠢ ᠦᠨᠳᠦᠰᠦᠯᠡᠨ᠂ ᠪᠥᠬᠦ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾᠎ ᠳᠤ ᠵᠠᠰᠠᠪᠤᠷᠢ ᠣᠷᠣᠭᠤᠯᠪᠠ᠃    ᠬᠤᠶᠠᠷ᠂ ᠭᠤᠣᠯ ᠠᠭᠤᠯᠭ᠎ᠠ    ᠲᠣᠰ ︽ᠪᠡᠯᠡᠳᠬᠡᠯ ᠲᠥᠰᠦᠯ︾᠎ ᠨᠢ ᠨᠡᠶᠢᠲᠡ 7 ᠬᠡᠰᠡᠭ ᠢᠶᠠᠷ ᠪᠦᠷᠢᠯᠳᠦᠵᠡᠶ᠃    1 ᠶᠡᠷᠦᠩᠭᠡᠢ ᠳᠥᠷᠢᠮ    2 ᠵᠤᠬᠢᠶᠡᠨ ᠪᠠᠶᠢᠭᠤᠯᠥᠯᠳᠡ ᠶᠢᠨ ᠰᠢᠰᠲ᠋ᠧᠮᠵᠢ ᠵᠢᠴᠢ ᠡᠬᠦᠷᠭᠡ ᠬᠠᠷᠢᠭᠤᠴᠠᠯᠭ᠎ᠠ    3 ᠪᠠᠴᠢᠮ ᠪᠠᠶᠢᠳᠡᠯ ᠢ ᠠᠷᠭᠠᠴᠠᠭᠠᠬᠤ ᠪᠠᠳᠣᠯᠠᠭ᠎ᠠ    4 ᠬᠢᠨᠡᠨ ᠬᠡᠮᠵᠢᠵᠦ ᠰᠡᠷᠡᠮᠵᠢᠯᠡᠬᠦᠯᠬᠦ᠂ ᠮᠡᠳᠡᠬᠦᠯᠬᠦ ᠪᠠ ᠦᠨᠡᠯᠡᠨ ᠵᠢᠱᠢᠬᠦ    5 ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤ ᠳᠤᠰᠬᠠᠯ    6 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ    7 ᠳᠠᠭᠠᠯᠳᠣᠭᠤᠯᠥᠯ ᠳᠥᠷᠢᠮ    ︽ᠪᠡᠯᠡᠳᠬᠡᠯ ᠲᠥᠰᠦᠯ︾᠎ ᠳᠤ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ ᠵᠤᠷᠪᠤᠰ ᠳᠠᠷᠠᠭᠠᠯᠠᠨ ᠲᠣᠳᠣᠷᠬᠠᠶᠢᠯᠠᠪᠠ᠃                       ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ                   ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1