ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/6/5
    5 ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠲᠤᠭᠤᠰᠢᠯᠠᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠡᠩ ᠰᠠᠶᠢᠲᠤᠷ ᠬᠥᠲᠥᠯᠥᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠨᠠᠩ ᠰᠠᠶᠢᠲᠤᠷ ᠠᠷᠢᠯᠭᠠᠬᠤ ᠬᠡᠷᠡᠭᠲᠡᠢ᠃ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠪᠠᠷ ᠭᠤᠣᠯᠳᠠᠯᠭ᠎ᠠ ᠪᠣᠯᠭᠠᠨ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾᠎ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠷᠡᠭ ᠤᠨ ᠵᠢᠰᠢᠶ᠎ᠡ ᠪᠠᠷ ᠬᠠᠤᠯᠢ ᠶᠢ ᠲᠠᠶᠢᠯᠪᠤᠷᠢᠯᠠᠬᠤ ᠵᠡᠷᠭᠡ ᠠᠷᠭ᠎ᠠ ᠭᠡᠯᠪᠡᠷᠢ ᠶᠢ ᠠᠪᠴᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 5 ᠰᠠᠷ᠎ᠠ ᠶᠢᠨ 27᠎ ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠠᠵᠢᠯ ᠣᠯᠭᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠰᠢᠯᠲᠠᠭᠠᠨ ᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭ᠎ᠠ ᠠᠳᠬᠤᠵᠤ᠂ ᠨᠡᠩ ᠤᠯᠠᠨ ᠠᠵᠤ ᠦᠢᠯᠡᠰ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠶᠡᠭᠡ ᠬᠡᠪᠴᠢᠶ᠎ᠡ ᠪᠠᠷ ᠥᠷᠨᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠪᠦᠲᠦᠮᠵᠢᠲᠡᠢ ᠪᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠰᠣᠩᠭᠤᠬᠤ ᠶᠢ ᠬᠥᠲᠥᠯᠥᠨ ᠵᠢᠯᠤᠭᠤᠳᠬᠤ ᠪᠠ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠵᠤ᠂ ᠲᠡᠳᠡᠨ ᠢ ᠬᠠᠪᠰᠤᠷᠤᠨ ᠡᠷᠲᠡᠬᠡᠨ ᠤᠷᠤᠭᠰᠢᠲᠠᠢ ᠪᠠᠷ ᠠᠵᠢᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠠᠵᠠ ᠲᠣᠭᠢᠶᠠᠯ ᠢ ᠠᠮᠵᠢᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠬᠢᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠠᠳᠬᠤᠬᠤ ᠬᠡᠷᠡᠭᠲᠡᠢ᠃ ᠪᠠᠶᠢᠳᠠᠯ ᠢ ᠲᠣᠳᠣᠷᠬᠠᠢ ᠣᠶᠢᠯᠠᠭᠠᠵᠤ᠂ ᠲᠥᠯᠦᠪᠵᠢᠭᠦᠯᠭᠡ ᠪᠠᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠬᠡᠪᠡᠷ ᠬᠡᠷᠡᠭᠵᠢᠭᠦᠯᠵᠦ᠂ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠲᠤᠰ ᠭᠠᠵᠠᠷ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠬᠢᠲᠠᠳ ᠬᠡᠯᠡᠨ ᠤ ᠵᠢᠭᠠᠨ ᠰᠤᠷᠭᠠᠯᠲᠠ ᠶᠢᠨ ︽ᠵᠠᠭᠤᠨ ᠰᠤᠷᠭᠠᠭᠤᠯᠢ ᠶᠢᠨ ᠲᠥᠷᠥᠯ ᠵᠦᠢᠯ︾᠎ ᠤᠨ ᠰᠤᠷᠤᠬᠴᠢᠳ ᠤᠨ ᠲᠥᠯᠥᠭᠡᠯᠡᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠨ ᠬᠥᠮᠦᠵᠢᠯ ᠤᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1