ᠤᠢᠢᠷ᠎ᠠ ᠶᠢᠨ ᠡᠳᠦᠷ ᠤᠳ ᠲᠤ᠂ ᠶᠤᠸᠠᠨ ᠪᠦᠦ ᠱᠠᠨ ᠪᠠᠯᠭᠠᠰᠤ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠪᠦᠬᠦᠨ ᠢ ᠬᠠᠮᠤᠷᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ | ᠬᠥᠮᠦᠵᠢᠯ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ | ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ | | | | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ | ᠣᠶᠢᠯᠠᠭᠠᠭᠳᠠᠬᠤᠨ ᠤ ᠰᠠᠭᠤᠷᠢ ᠶᠢ ᠪᠠᠲᠤᠳᠬᠠᠪᠠ᠃ ᠶᠤᠸᠠᠨ ᠪᠦᠦ ᠱᠠᠨ ᠪᠠᠯᠭᠠᠰᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ | ᠨᠠᠮ ᠤᠨ ᠬᠤᠷᠢᠶᠠᠨ ᠤ ᠬᠤᠷᠠᠯ ᠬᠤᠷᠠᠯᠳᠤᠭᠤᠯᠤᠨ ᠳᠡᠭᠡᠳᠦ ᠱᠠᠲᠤᠨ ᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠤᠯᠤᠰ | ᠲᠥᠷᠥ ᠶᠢᠨ ᠦᠨᠳᠦᠷᠴᠡ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠬᠥᠲᠥᠯᠦᠨ ᠳᠠᠭᠠᠭᠤᠯᠪᠠ᠃ | ᠣᠳᠣᠬᠠᠨ ᠪᠣᠯᠲᠠᠯ᠎ᠠ᠂ ᠲᠣᠰ ᠪᠠᠯᠭᠠᠰᠤ ᠨᠢᠭᠡᠨᠲᠡ ᠲᠤᠰᠬᠠᠶ ᠰᠡᠳᠦᠪᠲᠦ ᠰᠤᠷᠤᠯᠴᠠᠯᠭ᠎ᠠ ᠶᠢ 2 ᠤᠳᠠᠭ᠎ᠠ | ᠥᠷᠨᠢᠭᠦᠯᠵᠦ᠂ ᠤᠳᠤᠷᠢᠳᠬᠤ ᠺᠠᠳ᠋ᠷ ᠤᠨ ᠦᠵᠡᠯ ᠰᠠᠨᠠᠭᠠᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠪᠡ᠃ | ᠡᠭᠦᠨ ᠤ ᠬᠠᠮᠲᠤ᠂ ︽ᠶᠤᠸᠠᠨ ᠪᠦᠦ ᠱᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠠᠬᠢᠭᠤᠯᠬᠤ ᠬᠤᠷᠠᠯ ᠤᠨ ᠮᠠᠲ᠋ᠧᠷᠢᠶᠠᠯ ᠤᠨ ᠡᠮᠬᠢᠳᠬᠡᠯ︾ ᠳᠤ ᠲᠣᠳᠣᠷᠬᠠᠶᠢᠯᠠᠭᠰᠠᠨ | ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠠᠵᠢᠯ ᠢ ᠲᠣᠬᠢᠷᠠᠭᠤᠯᠤᠨ ᠰᠤᠳᠤᠯᠤᠨ ᠮᠠᠭᠠᠳᠯᠠᠬᠤ ᠲᠣᠭᠲᠠᠴᠠ ᠶᠢ ᠢᠵᠢ ᠪᠦᠷᠢᠳᠦᠭᠦᠯᠦᠨ ᠪᠠᠶᠢᠭᠤᠯᠵᠤ᠂ ᠡᠭᠦᠷᠭᠡ | ᠲᠤᠰᠢᠶᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠪᠢᠲᠡᠭᠦᠦ ᠴᠠᠭᠠᠷᠢᠭ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠤ ᠡᠯ᠎ᠡ ᠵᠦᠢᠯ ᠤᠨ | ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠪᠠ᠃ | | | | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠥᠭᠡᠯᠡᠨ | ᠦᠢᠯᠡᠴᠢᠯᠡᠭᠡ ᠶᠢ ᠲᠥᠯᠬᠢᠨ ᠠᠬᠢᠭᠤᠯᠪᠠ᠃ ︽ᠶᠤᠸᠠᠨ ᠪᠦᠦ ᠱᠠᠨ ᠪᠠᠯᠭᠠᠰᠤᠨ ᠤ ᠭᠤᠷᠪᠠᠨ ᠶᠠᠪᠤᠳᠠᠯ ᠢ ᠢᠯᠡ | ᠪᠣᠯᠭᠠᠬᠤ︾ ᠸᠢᠴᠠᠲ ᠤᠨ ᠨᠡᠶᠢᠲᠡ ᠶᠢᠨ ᠳ᠋ᠤᠭᠠᠷ ᠲᠤ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠤᠬᠠᠭᠤᠯᠭ᠎ᠠ ᠶᠢᠨ ᠹᠢᠯᠢᠮ ᠵᠡᠷᠭᠡ ᠠᠭᠤᠯᠭ᠎ᠠ ᠶᠢ ᠨᠡᠶᠢᠲᠡᠯᠡᠵᠦ᠂ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ︽ᠬᠥᠮᠦᠨ ᠪᠦᠬᠦᠨ ᠢᠲᠡᠭᠡᠮᠵᠢ ᠶᠢ ᠴᠢᠬᠤᠯᠠᠴᠢᠯᠠᠵᠤ᠂ ᠬᠥᠮᠦᠨ ᠪᠦᠬᠦᠨ | ᠢᠲᠡᠭᠡᠮᠵᠢ ᠶᠢ ᠡᠷᠬᠢᠮᠯᠡᠬᠦ︾ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠨ ᠪᠣᠯᠪᠠ᠃ | ᠡᠭᠦᠨ ᠤ ᠬᠠᠮᠲᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠲᠠᠢ ᠤᠶᠠᠯᠳᠤᠭᠤᠯᠬᠤ ᠶᠢ ᠪᠠᠷᠢᠮᠲᠠᠯᠠᠵᠤ᠂ ︽ᠲᠣᠰᠬᠤᠨ ᠪᠣᠯᠭᠠᠨ ᠳᠤ ᠬᠠᠩᠭᠢᠨᠠᠬᠤ︾ ᠪᠦᠷᠢᠶ᠎ᠡ᠂ ︽ | ᠪᠣᠯᠪᠠᠰᠤᠨ ᠤ ᠦᠢᠯᠡᠳᠦᠯᠭᠡ ᠶᠢᠨ ᠷᠠᠳᠢᠣ᠋ ᠨᠡᠪᠲᠡᠷᠡᠭᠦᠯᠭᠡ ᠶᠢᠨ ᠦᠷᠳᠡᠭᠡ︾ ᠶᠢᠨ ᠵᠢᠭᠰᠠᠭᠠᠯ ᠤᠨ ᠭᠠᠵᠠᠷ᠂ ᠪᠦᠬᠦ | ᠪᠠᠯᠭᠠᠰᠤᠨ ᠤ 16 ᠵᠠᠰᠠᠭ ᠵᠠᠬᠢᠷᠭᠠᠨ ᠤ ᠲᠣᠰᠬᠤᠨ᠂ 122 ᠲᠣᠰᠬᠤᠨ ᠤ ᠠᠷᠠᠳ ᠤᠨ ᠳᠤᠭᠤᠶᠢᠯᠠᠩ ᠳᠤ | ᠲᠦᠰᠢᠭᠯᠡᠵᠦ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ᠂ ᠦᠨᠡᠨᠴᠢ ᠢᠲᠡᠭᠡᠮᠵᠢ ᠶᠢᠨ ᠦᠯᠢᠭᠡᠷ᠂ ᠦᠨᠡᠨᠴᠢ | ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠳᠣᠬᠠᠨ ᠳᠤ᠂ ᠶᠤᠸᠠᠨ ᠪᠦᠦ | ᠱᠠᠨ ᠪᠠᠯᠭᠠᠰᠤ ᠨᠢᠭᠡᠨᠲᠡ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠬᠥᠳᠡᠯᠭᠡᠭᠡᠨ ᠢ 8 | ᠤᠳᠠᠭ᠎ᠠ᠂ ᠤᠬᠠᠭᠤᠯᠤᠨ ᠲᠠᠶᠢᠯᠪᠤᠷᠢᠯᠠᠬᠤ ᠬᠥᠢᠳᠡᠯᠭᠡᠭᠡᠨ ᠢ 10 ᠤᠳᠠᠭ᠎ᠠ ᠥᠷᠨᠢᠭᠦᠯᠵᠦ᠂ ᠦᠨᠡᠨᠴᠢ ᠢᠲᠡᠭᠡᠮᠵᠢ ᠶᠢᠨ | ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠬᠥᠳᠡᠯᠭᠡᠭᠡᠨ ᠢ 3 ᠤᠳᠠᠭ᠎ᠠ ᠥᠷᠨᠢᠭᠦᠯᠵᠦ᠂ 26 ᠬᠥᠮᠦᠨ ᠢ | ᠰᠢᠯᠭᠠᠷᠠᠭᠤᠯᠤᠨ ᠬᠥᠬᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢ ᠶᠢᠨ ᠰᠤᠷᠲᠠᠯ ᠢ ᠲᠦᠭ | ᠲᠦᠮᠡᠨ ᠠᠶᠢᠯ ᠡᠷᠦᠬᠡ ᠳᠤ ᠪᠣᠢ ᠪᠣᠯᠭᠠᠬᠤ ᠶᠢ ᠠᠬᠢᠭᠤᠯᠪᠠ᠃ | | | | ᠵᠠᠬ᠎ᠠ ᠳᠡᠯᠭᠡᠭᠦᠷ ᠤᠨ ᠠᠮᠢ ᠠᠬᠤᠶ ᠶᠢ ᠪᠤᠢ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠠᠶᠢᠵᠢᠷᠠᠭᠤᠯᠪᠠ᠃ ᠶᠤᠸᠠᠨ ᠪᠦᠦ ᠱᠠᠨ ᠪᠠᠯᠭᠠᠰᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠤᠯᠢ ᠶᠣᠰᠣᠭᠠᠷ | ᠡᠵᠡᠩᠨᠡᠬᠦ᠂ ᠦᠨᠡᠨᠴᠢ ᠢᠲᠡᠭᠡᠮᠵᠢᠲᠡᠶ ᠡᠵᠡᠩᠨᠡᠬᠦ ᠵᠡᠷᠭᠡ ᠬᠠᠯᠠᠭᠤᠨ ᠴᠡᠭ ᠤᠨ ᠶᠠᠷᠢᠶᠠᠨ ᠤ ᠰᠡᠳᠦᠪ ᠲᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ | ᠪᠠᠶᠢᠭᠤᠯᠵᠤ᠂ ᠬᠥᠨᠳᠡᠯᠡᠨ ᠪᠢᠴᠢᠭᠡᠰᠦ ᠨᠠᠭᠠᠬᠤ᠂ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ | ᠲᠠᠷᠬᠠᠭᠠᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠣᠯᠠᠨ ᠵᠥᠢᠯ ᠤᠨ | ᠠᠷᠭ᠎ᠠ ᠬᠡᠯᠪᠡᠷᠢ ᠪᠠᠷ ᠳᠠᠮᠵᠢᠭᠤᠯᠤᠨ᠂ ᠵᠡᠭᠡᠯᠢ ᠳᠠᠭᠠᠭᠰᠠᠨ ᠬᠤᠳᠠᠯᠳᠤᠭ᠎ᠠ ᠳᠡᠯᠭᠡᠭᠦᠷ ᠤᠨ ᠡᠵᠡᠩᠨᠡᠭᠴᠢ ᠳᠤ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠲᠥᠷᠥ ᠶᠢᠨ ᠪᠣᠳᠣᠯᠭ᠎ᠠ ᠶᠢ ᠨᠠᠷᠢᠨ | ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠢᠴᠢ ᠠᠵᠢᠯ ᠡᠷᠭᠢᠯᠡᠭᠰᠡᠳ ᠤᠨ ᠡᠷᠬᠡ | ᠲᠡᠭᠰᠢ ᠲᠥᠪ ᠭᠤᠤᠯᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠬᠠᠮᠰᠠᠷ ᠠᠴᠠ ᠪᠠᠨ ᠬᠠᠮᠠᠭᠠᠯᠠᠵᠤ᠂ | ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠶ ᠡᠭᠦᠷᠭᠡᠯᠡᠨ᠂ ᠶᠠᠰᠤ ᠴᠢᠨᠠᠷ ᠢ ᠪᠠᠲᠤᠯᠠᠵᠤ᠂ ᠬᠢᠨᠠᠯᠲᠠ ᠶᠢ ᠬᠥᠯᠢᠶᠡᠨ | ᠠᠪᠴᠤ᠂ ᠦᠨᠡᠨᠴᠢ ᠢᠲᠡᠭᠡᠮᠵᠢᠲᠡᠶ ᠪᠠᠶᠢᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠬᠤ ᠶᠢ ᠰᠠᠨᠠᠭᠠᠴᠢᠯᠠᠪᠠ᠃ | ᠵᠠᠯᠭᠠᠭᠠᠳ᠂ ᠶᠤᠸᠠᠨ ᠪᠦᠦ ᠱᠠᠨ ᠪᠠᠯᠭᠠᠰᠤ ᠪᠥᠬᠦ ᠪᠠᠯᠭᠠᠰᠤᠨ ᠤ ᠠᠵᠢᠯ ᠤᠨ ᠪᠣᠳᠠᠲᠤ ᠪᠠᠶᠢᠳᠠᠯ ᠢ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠲᠠᠢ ᠰᠠᠶᠢᠲᠤᠷ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ | ᠪᠠᠯᠭᠠᠰᠤᠨ ᠤ ᠳᠣᠲᠣᠷᠠᠬᠢ ᠥᠷᠭᠡᠨ ᠣᠯᠠᠨ ᠺᠠᠳ᠋ᠷ ᠣᠯᠠᠨ ᠲᠦᠮᠡᠨ ᠤ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ | ᠳᠡᠭᠡᠭᠰᠢᠯᠡᠭᠦᠯᠦᠨ᠂ ᠤᠬᠠᠭᠤᠯᠤᠨ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ︽ᠢᠲᠡᠭᠡᠮᠵᠢ ᠲᠠᠢ ᠬᠥᠮᠦᠰ | ᠢᠷᠠᠭᠤ ᠠᠯᠳᠠᠷ ᠲᠠᠢ᠂ ᠢᠲᠡᠭᠡᠯ ᠠᠯᠳᠠᠭᠰᠠᠳ ᠢᠴᠢᠭᠦᠷᠢ ᠲᠠᠢ᠂ ᠢᠲᠡᠭᠡᠮᠵᠢ ᠦᠭᠡᠢ ᠬᠥᠮᠥᠰ ᠵᠤᠪᠠᠭᠤᠷᠢ ᠲᠠᠢ︾ | ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠬᠤᠪᠢ ᠨᠡᠮᠡᠷᠢ ᠦᠵᠡᠭᠦᠯᠦᠨ᠎ᠡ᠃ | |