ᠬᠤᠶᠠᠳᠤᠭᠠᠷ ᠬᠤᠭᠤᠴᠠᠭᠠᠨ ᠤ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠶᠠᠭᠠᠷᠠᠮᠠᠭ ᠤᠨ ᠥᠪᠥᠷ ᠮᠣᠩᠭᠤᠯ ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠦᠬᠡᠬᠤᠲᠠ ᠳᠤ ᠶᠠᠪᠤᠭᠳᠠᠪᠠ ᠷᠧᠨ ᠬᠤᠩ ᠪᠢᠨ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/6/7
    6 ᠳ᠋ᠤᠭᠠᠷ ᠰᠠᠷ᠎ᠠ ᠶᠢᠨ 4᠎ ᠤ ᠡᠳᠦᠷ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠶᠠᠭᠠᠷᠠᠮᠠᠭ ︵ᠳᠥᠭᠦᠮᠴᠢᠯᠡᠭᠡᠳ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠶᠠᠭᠠᠷᠠᠮᠠᠭ ᠭᠡᠪᠡ︶᠎ ᠤᠨ ᠥᠪᠥᠷ ᠮᠣᠩᠭᠤᠯ ᠤᠨ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃    ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠶᠠᠭᠠᠷᠠᠮᠠᠭ ᠠᠵᠤ ᠠᠬᠤᠶᠢᠯᠠᠯ ᠤᠳ ᠲᠤ ᠬᠥᠭᠵᠢᠯᠲᠡ ᠶᠢᠨ ᠠᠭᠤᠳᠠᠮ ᠲᠠᠪᠴᠠᠩ ᠬᠠᠩᠭᠠᠯ᠎ᠠ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶᠡᠨ ᠤ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠩᠬᠠᠷᠤᠯ ᠢᠶᠠᠨ ᠲᠥᠪᠯᠡᠷᠡᠭᠦᠯᠦᠨ ᠨᠠᠢᠮᠠᠨ ᠶᠡᠭᠡ ᠠᠵᠤ ᠦᠢᠯᠡᠰ ᠤᠨ ᠪᠦᠯᠦᠭᠵᠢᠯ ᠬᠢᠭᠡᠳ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠨᠥᠭᠡᠴᠡᠯᠡᠬᠦ ᠵᠡᠷᠭᠡ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠂ ᠤᠯᠠᠨ ᠡᠰᠢ ᠪᠠᠷ ᠬᠥᠭᠵᠢᠭᠰᠡᠨ᠂ ᠤᠯᠠᠨ ᠲᠦᠢᠯ ᠳᠤ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠬᠤ ᠬᠡᠷᠡᠭᠲᠡᠢ ᠬᠡᠮᠡᠨ ᠵᠢᠭᠠᠨ ᠭᠠᠷᠭᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠶᠠᠭᠠᠷᠠᠮᠠᠭ ᠲᠤ ᠣᠷᠤᠯᠴᠠᠬᠤ 23 ᠠᠵᠤ ᠠᠬᠤᠶᠢᠯᠠᠯ ᠪᠠ ᠪᠦᠯᠬᠦᠮ ᠨᠢ ᠳᠤᠮᠳᠠᠳᠤ ᠤᠯᠤᠰ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠪᠦᠯᠦᠭᠯᠡᠯ ᠲᠠᠢ ᠬᠤᠶᠠᠳᠤᠭᠠᠷ ᠬᠤᠭᠤᠴᠠᠭᠠᠨ ᠤ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠶᠠᠭᠠᠷᠠᠮᠠᠭ ᠲᠤ ᠣᠷᠤᠯᠴᠠᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1