ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/7
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠦᠰᠦᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ᠃    ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶᠎ ᠤᠨ ᠬᠤᠪᠢᠴᠠᠭᠠᠲᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠤᠨ᠎ᠠ᠃    ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠦᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠦᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠶ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠤᠨ᠎ᠠ᠃    ᠣᠳᠣᠬᠠᠨ ᠳᠤ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠶ ᠲᠤᠰᠠᠯᠠᠮᠵᠢ ᠪᠣᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1