ᠵᠠᠩ ᡁᠢ ᠸᠧᠶ ᠦᠶᠡᠷ ᠢ ᠰᠡᠷᠭᠡᠶᠢᠯᠡᠬᠦ ᠶᠢ ᠬᠢᠨᠠᠨ ᠵᠢᠯᠣᠭᠤᠳᠬᠤ ᠪᠠ ᠭᠤᠣᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/11
    7 ᠰᠠᠷ᠎ᠠ ᠶᠢᠨ 9᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠦᠶᠡᠷ ᠢ ᠰᠡᠷᠭᠡᠶᠢᠯᠡᠬᠦ ᠶᠢ ᠬᠢᠨᠠᠨ ᠵᠢᠯᠣᠭᠤᠳᠬᠤ ᠪᠠ ᠭᠤᠤᠯ ᠴᠠᠭᠳᠠᠬᠤ ᠠᠵᠢᠯ ᠥᠷᠨᠢᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠴᠢ ᠬᠤᠯᠪᠣᠭᠳᠠᠯ ᠪᠥᠬᠦᠶ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠬᠢᠨᠠᠨ ᠵᠢᠯᠣᠭᠤᠳᠪᠠ᠃    ᠲᠦᠷᠭᠡᠨ ᠲᠡᠮᠦᠷ ᠵᠠᠮ ᠤᠨ ᠲᠦᠷᠭᠡᠨ ᠳᠠᠪᠬᠢᠬᠤ ᠵᠠᠮ ᠤᠨ ᠪᠣᠷᠣᠭᠠᠨ ᠤ ᠤᠰᠤ ᠶᠢ ᠳᠡᠭᠡᠭᠰᠢᠯᠡᠭᠦᠯᠬᠦ ᠬᠥᠭᠡᠷᠭᠡ ᠶᠢᠨ ᠥᠷᠲᠡᠭᠡᠨ ᠳᠤ᠂ ᠵᠠᠩ ᡁᠢ ᠸᠧᠶ ᠲᠤᠬᠠᠶ ᠶᠢᠨ ᠲᠠᠯᠠᠪᠠᠶ ᠳᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠪᠠ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯᠲᠠᠳ ᠢ ᠣᠷᠣᠨ ᠵᠠᠢ ᠶᠢᠨ ᠠᠵᠢᠯᠯᠠᠭᠠᠨ ᠤ ᠵᠢᠷᠤᠮᠵᠢᠯ ᠶᠣᠰᠣᠭᠠᠷ ᠲᠣᠬᠢᠷᠠᠭᠤᠯᠤᠨ ᠲᠤᠷᠰᠢᠬᠤ ᠪᠠ ᠠᠵᠢᠯᠯᠠᠭᠤᠯᠬᠤ ᠲᠥᠬᠦᠭᠡᠷᠦᠮᠵᠢ ᠶᠣᠰᠣᠭᠠᠷ᠂ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠡᠷᠬᠢᠨ ᠲᠣᠭᠤᠷᠢᠨ ᠤ ᠭᠠᠵᠠᠷ ᠤᠨ ᠪᠠᠶᠢᠳᠠᠯ᠂ ᠭᠠᠵᠠᠷ ᠳᠣᠣᠷᠠᠬᠢ ᠬᠤᠭᠤᠯᠠᠢ ᠲᠣᠣᠷ᠂ ᠤᠰᠤᠨ ᠰᠢᠰᠲ᠋ᠧᠮ ᠤᠨ ᠲᠠᠷᠬᠠᠯᠲᠠ ᠵᠡᠷᠭᠡ ᠪᠠᠶᠢᠳᠠᠯ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠶᠢᠨ ᠲᠣᠭᠤᠷᠢᠭ ᠤᠨ ᠤᠰᠤᠲᠤᠯ ᠢ ᠵᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠶᠢᠨ ᠠᠮᠤᠷ ᠲᠦᠪᠰᠢᠨ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃    ᠤᠯᠠᠭᠠᠨᠬᠠᠳᠠ ᠶᠢᠨ ᠬᠤᠤ ᠰᠧᠨ ᠰᠢᠨ᠎ᠡ ᠮᠠᠲ᠋ᠧᠷᠢᠶᠠᠯ ᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠠᠵᠤ ᠠᠬᠤᠶᠢᠯᠠᠯ ᠤᠨ ᠠᠶᠤᠯᠲᠠᠢ ᠪᠣᠳᠠᠰ ᠬᠠᠳᠠᠭᠠᠯᠠᠬᠤ ᠲᠣᠭᠤᠷᠢᠭ ᠵᠡᠷᠭᠡ ᠭᠤᠣᠯᠳᠠᠯᠭ᠎ᠠ ᠲᠠᠢ ᠬᠡᠰᠡᠭ ᠤᠨ ᠦᠶᠡᠷ ᠢ ᠰᠡᠷᠭᠡᠶᠢᠯᠡᠬᠦ ᠪᠠᠶᠢᠳᠠᠯ ᠢ ᠪᠠᠶᠢᠴᠠᠭᠠᠵᠤ᠂ ᠫᠢᠩᠵᠤᠸᠠᠩ ᠪᠠᠯᠭᠠᠰᠤᠨ ᠤ ᠯᠧᠦ ᠽᠢ ᠳ᠋ᠢᠶᠠᠨ ᠭᠤᠣᠯ ᠤᠨ ᠰᠠᠪᠠ ᠭᠠᠵᠠᠷ ᠪᠣᠯᠤᠨ ᠮᠠ ᠵᠢᠶᠠ ᠽᠢ ᠠᠭᠤᠯᠠᠨ ᠤ ᠦᠶᠡᠷ ᠤᠨ ᠭᠤᠤ ᠶᠢᠨ ᠠᠭᠤᠯᠠᠨ ᠥᠶᠡᠷ ᠤᠨ ᠭᠠᠮᠰᠢᠭ ᠢ ᠰᠡᠷᠭᠡᠶᠢᠯᠡᠬᠦ ᠲᠤᠬᠠᠢ ᠶᠢᠨ ᠲᠠᠯᠠᠪᠠᠢ ᠳᠤ᠂ ᠤᠰᠤᠨ ᠣᠷᠣᠨ ᠤ ᠵᠠᠰᠠᠯᠲᠠ ᠪᠣᠯᠤᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠨᠢᠭᠲᠠ ᠠᠩᠬᠠᠷᠴᠤ᠂ ᠤᠰᠤ ᠲᠠᠲᠠᠷᠠᠭᠤᠯᠬᠤ ᠬᠤᠭᠤᠯᠠᠶ ᠱᠤᠭᠤᠮ᠂ ᠬᠤᠲᠣᠭᠤᠷ ᠭᠠᠵᠠᠷ᠂ ᠤᠰᠤ ᠬᠤᠷᠠᠭᠰᠠᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠪᠠᠶᠢᠩᠭᠤ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠦᠶᠡᠷ ᠤᠨ ᠬᠤᠭᠤᠴᠠᠭ᠎ᠠ ᠶᠢ ᠠᠷᠭᠠᠴᠠᠭᠠᠬᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ᠃ ᠬᠠᠷᠢᠶ᠎ᠠ ᠭᠠᠵᠠᠷ ᠤᠨ ᠬᠢᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡ ᠶᠢ ᠴᠢᠩᠭᠠᠷᠠᠭᠤᠯᠤᠨ᠂ ᠠᠭᠤᠯᠠ ᠶᠡᠭᠦᠷᠡᠬᠦ ᠬᠡᠮ ᠰᠤᠭᠤᠭ ᠤᠨ ᠴᠡᠭ ᠲᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠲᠥᠰᠦᠯ ᠢ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠳᠤᠰᠬᠠᠯ ᠲᠥᠷᠭᠡᠨ ᠪᠠᠶᠢᠵᠤ᠂ ᠥᠨᠳᠥᠷ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃    ᠬᠢᠨᠠᠨ ᠵᠢᠯᠣᠭᠤᠳᠬᠤ ᠶᠠᠪᠤᠴᠠ ᠳᠤ᠂ ᠵᠠᠩ ᡁᠢ ᠸᠧᠶ ᠪᠠᠰᠠ ᠲᠤᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠳᠤ ᠬᠦᠷᠴᠦ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠪᠠ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠴᠠᠭ ᠠᠭᠤᠷ ᠤᠨ ᠬᠢᠨᠠᠨ ᠬᠡᠮᠵᠢᠬᠦ ᠴᠡᠭ ᠤᠨ ᠪᠦᠳᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠠᠭ ᠠᠭᠤᠷ ᠤᠨ ᠬᠢᠨᠠᠨ ᠬᠡᠮᠵᠢᠯᠲᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠲᠦᠢᠯ ᠤᠨ ᠠᠭᠤᠷ ᠠᠮᠢᠰᠬᠤᠯ ᠤᠨ ᠬᠤᠪᠢᠷᠠᠯᠲᠠ ᠶᠢ ᠰᠢᠢᠳᠪᠦᠷᠢᠯᠡᠬᠦ ᠳᠤ ᠬᠦᠴᠦᠲᠡᠢ ᠯᠠᠪᠯᠠᠯᠲᠠ ᠬᠠᠩᠭᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1