ᠵᠠᠩ ᡁᠢ ᠸᠧᠶ ᠤᠯᠠᠭᠠᠨᠬᠠᠳᠠ ᠶᠢᠨ ︽ᠨᠤᠲᠤᠭ ᠤᠨ ᠣᠨᠴᠠᠯᠢᠭᠲᠤ ᠪᠡᠶ᠎ᠡ ᠲᠠᠮᠢᠷ︾ ᠵᠢᠶᠠᠨ ᠴᠠᠩ ᠶᠢᠩ ᠲᠣᠰᠬᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠷᠠᠳ BA︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠤᠷᠤᠯᠳᠤᠭᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/17
    7 ᠰᠠᠷ᠎ᠠ ᠶᠢᠨ 15᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠤᠯᠠᠭᠠᠨᠬᠠᠳᠠ ᠶᠢᠨ ︽ᠨᠤᠲᠤᠭ ᠤᠨ ᠣᠨᠴᠠᠯᠢᠭᠲᠤ ᠪᠡᠶ᠎ᠡ ᠲᠠᠮᠢᠷ︾ ᠵᠢᠶᠠᠨ ᠴᠠᠩ ᠶᠢᠩ ᠲᠣᠰᠬᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠷᠠᠳ BA︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠤᠷᠤᠯᠳᠤᠭᠠᠨ ᠤ ᠶᠠᠪᠤᠳᠠᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠶᠢᠨ ᠲᠧᠩ ᠵᠢᠶᠤᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ ᠲᠣᠰᠬᠤᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ ᠶᠤᠸᠠᠨ ᠪᠦᠦ ᠱᠠᠨ ᠪᠠᠯᠭᠠᠰᠤᠨ ᠤ ︽ᠠᠷᠠᠳ BA︾ ᠤᠷᠤᠯᠳᠤᠭᠠᠨ ᠢ ᠠᠬᠢᠭᠤᠯᠤᠭᠰᠠᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠯᠤᠸᠠᠨ ᠶᠦᠨ ᠾᠧ᠂ ᠫᠧᠩ ᠰᠢᠶᠤᠤ ᠵᠢᠤᠸᠠᠨ᠂ ᠶᠢᠨ ᠲᠧᠩ ᠵᠢᠶᠤᠤ ᠤᠷᠤᠯᠳᠤᠭᠠᠨ ᠤ ᠶᠠᠪᠤᠳᠠᠯ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠬᠠᠮᠢᠶ᠎ᠠ ᠪᠦᠬᠦᠢ ᠠᠵᠢᠯ ᠳᠤ ᠴᠢᠭᠯᠡᠭᠦᠯᠦᠨ ᠪᠣᠳᠠᠲᠠᠢ ᠪᠠᠶᠢᠷᠢᠯᠠᠭᠤᠯᠤᠯᠲᠠ ᠬᠢᠵᠡᠢ᠃    ᠵᠠᠩ ᡁᠢ ᠸᠧᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠤᠷᠤᠯᠳᠤᠭᠠᠨ ᠤ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭ᠎ᠠ᠂ ᠡᠮ ᠡᠮᠨᠡᠯᠭᠡ᠂ ᠭᠠᠯ ᠤᠨᠲᠠᠷᠠᠭᠠᠬᠤ᠂ ᠢᠳᠡᠭᠡᠨ ᠵᠡᠷᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠵᠤ᠂ ᠤᠷᠤᠯᠳᠤᠭᠠᠨ ᠤ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠭᠤᠭᠴᠤᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠷᠤᠯᠳᠤᠭᠠᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠬᠠᠵᠠᠢ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠤᠷᠤᠯᠳᠤᠭᠠᠨ ᠤ ᠬᠡᠰᠡᠭ᠂ ᠬᠤᠳᠠᠯᠳᠤᠭᠠᠨ ᠤ ᠬᠡᠰᠡᠭ᠂ ᠦᠵᠡᠭᠦᠯᠭᠡ ᠶᠢᠨ ᠬᠡᠰᠡᠭ᠂ ᠰᠣᠶᠣᠯ ᠵᠢᠭᠤᠯᠴᠢᠯᠠᠯ ᠤᠨ ᠬᠡᠰᠡᠭ ᠵᠡᠷᠭᠡ ᠭᠠᠵᠠᠷ ᠲᠤ ᠬᠦᠷᠴᠦ᠂ ᠡᠯ᠎ᠡ ᠬᠡᠰᠡᠭ ᠤᠨ ᠪᠡᠯᠡᠳᠬᠡᠯ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠩ ᡁᠢ ᠸᠧᠢ᠂ ᠲᠤᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠨ ︽ᠨᠡᠭᠦᠷᠡᠰᠥᠨ ᠴᠠᠬᠢᠯᠭᠠᠨ ᠤ ᠣᠨ ᠵᠢᠯ ᠢ ᠡᠷᠭᠢᠴᠡᠭᠦᠯᠥᠨ ᠳᠤᠷᠠᠰᠴᠤ᠂ ᠠᠵᠤ ᠥᠢᠯᠡᠳᠪᠥᠷᠢ ᠶᠢᠨ ᠨᠢᠭᠤᠴᠠ ᠶᠢ ᠬᠠᠶᠢᠬᠤ ᠵᠢᠭᠤᠯᠴᠢᠯᠠᠯ︾᠎ ᠤᠨ ᠠᠵᠢᠯᠯᠠᠭ᠎ᠠ ᠶᠢ ᠥᠷᠨᠢᠭᠦᠯᠵᠦ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ᠂ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ᠂ ᠶᠤᠸᠠᠨ ᠪᠦᠦ ᠱᠠᠨ ᠤ ᠤᠯᠤᠰ ᠤᠨ ᠠᠮᠤ ᠪᠤᠳᠠᠭᠠᠨ ᠤ ᠨᠥᠭᠡᠴᠡ ᠶᠢᠨ ᠬᠥᠮᠥᠷᠭᠡ᠂ ᠾᠧ ᠷᠦᠨ ᠲᠠᠷᠢᠶᠠᠯᠠᠩ ᠵᠡᠷᠭᠡ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ︽ᠤᠷᠤᠯᠳᠤᠭᠠᠨ ᠢᠶᠠᠷ ᠦᠢᠯᠡᠳᠪᠦᠷᠢᠯᠡᠯ ᠢ ᠲᠡᠳᠬᠦᠬᠦ᠂ ᠤᠷᠤᠯᠳᠤᠭᠠᠨ ᠢᠶᠠᠷ ᠰᠣᠶᠣᠯ ᠢ ᠠᠬᠢᠭᠤᠯᠬᠤ ᠂ ᠤᠷᠤᠯᠳᠤᠭᠠᠨ ᠢᠶᠠᠷ ᠵᠢᠭᠤᠯᠴᠢᠯᠠᠯ ᠢ ᠳᠡᠮᠵᠢᠬᠦ︾ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1