ᠼᠤᠤ ᡁᠢ ᠶᠦᠩ ᠬᠡᠰᠡᠭ ᠰᠢᠶᠠᠩ ᠪᠠᠯᠭᠠᠰᠤᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/18
    7 ᠰᠠᠷ᠎ᠠ ᠶᠢᠨ 16᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠡᠰᠡᠭ ᠰᠢᠶᠠᠩ ᠪᠠᠯᠭᠠᠰᠤᠨ ᠤ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ᠂ ᠶᠤᠸᠠᠨ ᠪᠦᠦ ᠱᠠᠨ ᠪᠠᠯᠭᠠᠰᠤ᠂ ᠫᠢᠩᠵᠤᠸᠠᠩ ᠪᠠᠯᠭᠠᠰᠤᠨ ᠤ ᠬᠤᠯᠪᠣᠭᠳᠠᠯ ᠪᠥᠬᠦᠶ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠤᠯᠠᠭᠠᠨᠬᠠᠳᠠ ᠶᠢᠨ ︽ᠨᠤᠲᠤᠭ ᠤᠨ ᠣᠨᠴᠠᠯᠢᠭᠲᠤ ᠪᠡᠶ᠎ᠡ ᠲᠠᠮᠢᠷ︾ ᠵᠢᠶᠠᠨ ᠴᠠᠩ ᠶᠢᠩ ᠲᠣᠰᠬᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠷᠠᠳ BA︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠲᠣᠰᠬᠤᠨ ᠳᠤ ᠶᠠᠪᠤᠭᠳᠠᠬᠤ ᠪᠣᠯᠤᠨ᠎ᠠ᠂ ᠡᠯ᠎ᠡ ᠵᠦᠢᠯ ᠤᠨ ᠪᠡᠯᠡᠳᠬᠡᠯ ᠠᠵᠢᠯ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠼᠤᠤ ᡁᠢ ᠶᠦᠩ ᠤᠷᠤᠯᠳᠤᠭᠠᠨ ᠤ ᠲᠠᠯᠠᠪᠤᠷ ᠲᠤ ᠬᠦᠷᠴᠦ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠷᠤᠯᠳᠤᠭᠠᠨ ᠤ ᠪᠠᠲᠤᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ᠂ ᠤᠬᠠᠭᠤᠯᠤᠨ ᠮᠡᠳᠡᠭᠡᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠨᠢᠭᠲᠠ ᠬᠤᠯᠪᠣᠯᠳᠤᠭᠤᠯᠵᠤ᠂ ᠰᠠᠶᠢᠲᠤᠷ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠬᠤᠯᠪᠣᠭᠠᠲᠤ ᠤᠷᠤᠯᠳᠤᠭᠠᠨ ᠤ ᠭᠠᠷᠭᠠᠭᠰᠠᠨ ︽ᠬᠤᠳᠠᠯᠳᠤᠭ᠎ᠠ᠂ ᠲᠣᠭᠯᠠᠯᠲᠠ ᠤᠬᠠᠭᠤᠯᠭ᠎ᠠ᠂ ᠵᠢᠭᠤᠯᠴᠢᠯᠠᠯ︾ ᠭᠡᠬᠦ ᠭᠤᠷᠪᠠᠨ ᠲᠤᠮᠤ ᠬᠡᠰᠡᠭ ᠤᠨ ᠲᠣᠭᠤᠷᠢᠨ ᠳᠤ᠂ ᠾᠧ ᠷᠦᠨ᠂ ᠯᠢᠩ ᠱᠠᠨ ᠶᠦᠨ᠂ ᠶᠢᠨ ᠰᠢᠤ ᠱᠠᠨ᠂ ᠪᠠᠢ ᠾᠧ ᠱᠠᠨ ᠵᠤᠸᠠᠩ ᠵᠡᠷᠭᠡ ᠪᠠᠷ ᠰᠠᠭᠤᠷᠢ ᠪᠣᠯᠭᠠᠵᠤ᠂ ᠶᠤᠸᠠᠨ ᠪᠤᠥ ᠱᠠᠨ ᠤ ᠴᠠᠬᠢᠯᠭᠠᠨ ᠭᠠᠷᠭᠠᠬᠤ ᠥᠢᠯᠡᠳᠪᠥᠷᠢ᠂ ᠫᠢᠩᠵᠤᠸᠠᠩ ᠨᠡᠭᠦᠷᠡᠰᠥᠨ ᠤ ᠪᠥᠯᠥᠭᠯᠡᠯ ᠵᠡᠷᠭᠡ ᠠᠵᠤ ᠦᠢᠯᠡᠳᠪᠦᠷᠢ ᠶᠢᠨ ᠣᠨᠴᠠᠯᠢᠭ ᠲᠠᠢ ᠤᠶᠠᠯᠳᠤᠭᠤᠯᠵᠤ᠂ ︽ᠪᠡᠶ᠎ᠡ ᠲᠠᠮᠢᠷ ᠤᠨ ᠤᠷᠤᠯᠳᠤᠭᠠᠨ + ᠰᠣᠶᠣᠯ ᠤᠨ ᠲᠣᠭᠯᠠᠯᠲᠠ + ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠦᠵᠡᠭᠦᠯᠭᠡ + ᠵᠢᠭᠤᠯᠴᠢᠯᠠᠯ ᠢ ᠪᠡᠶᠡᠳᠡᠨ ᠤᠶᠢᠯᠠᠭᠠᠬᠤ + ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ︾᠎ ᠶᠢ ᠨᠢᠭᠡ ᠴᠤᠬᠴᠠᠵᠢᠭᠤᠯᠤᠬᠰᠠᠨ ᠬᠥᠳᠡᠭᠡ ᠲᠣᠰᠬᠤᠨ ᠤ ᠪᠡᠶ᠎ᠡ ᠲᠠᠮᠢᠷ ᠤᠨ ᠦᠪᠡᠳᠡᠭᠰᠢ ᠨᠠᠶᠢᠷ ᠢ ᠪᠠᠶᠢᠭᠤᠯᠵᠤ᠂ ᠠᠵᠥ ᠥᠢᠯᠡᠳᠪᠥᠷᠢ᠂ ᠲᠠᠷᠢᠶᠠᠯᠠᠩ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠫᠢᠩᠵᠤᠸᠠᠩ ᠪᠠᠯᠭᠠᠰᠤᠨ ᠤ ᠴᠢᠶᠠᠨ ᠶᠢᠨ ᠲᠣᠰᠬᠤᠨ ᠤ ᠶᠢᠨ ᠰᠢᠤ ᠱᠠᠨ ᠬᠡᠦᠬᠡᠳ ᠤᠨ ᠴᠡᠩᠭᠡᠯ ᠤᠨ ᠬᠦᠷᠢᠶᠡᠯᠡᠩ ᠳᠤ᠂ ᠼᠤᠤ ᡁᠢ ᠶᠦᠩ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠴᠡᠩᠭᠡᠯ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠢᠭᠡᠨᠲᠡ ᠪᠠᠶᠢᠭ᠎ᠠ ᠲᠡᠭᠦᠬᠦ ᠬᠦᠷᠢᠶᠡᠯᠡᠩ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠳᠤᠭᠤᠶ ᠤᠨᠤᠬᠤ ᠵᠠᠮ ᠵᠡᠷᠭᠡ ᠡᠯ᠎ᠡ ᠲᠦᠷᠦᠯ ᠤᠨ ᠵᠤᠭᠠᠴᠠᠨ ᠰᠣᠨᠢᠷᠬᠠᠬᠤ ᠬᠥᠳᠡᠯᠭᠡᠭᠡᠨ ᠤ ᠡᠬᠢ ᠪᠠᠶᠠᠯᠢᠭ ᠢ ᠰᠠᠶᠢᠲᠤᠷ ᠡᠮᠬᠢᠯᠡᠨ ᠨᠡᠶᠢᠯᠡᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠶᠢᠨ ᠰᠢᠤ ᠱᠠᠨ ᠤ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠣᠨᠴᠠᠯᠢᠬᠵᠢᠭᠰᠠᠨ᠂ ᠵᠦᠷᠢᠶᠡᠴᠢᠯᠡᠭᠰᠡᠨ᠂ ᠰᠣᠨᠢᠷᠬᠠᠯᠲᠤ ᠵᠤᠭ᠎ᠠ ᠴᠡᠩᠭᠡᠯ ᠤᠨ ᠬᠥᠳᠡᠯᠭᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠨᠠᠰᠤᠨ ᠤ ᠬᠥᠮᠦᠰ ᠤᠨ ᠬᠥᠳᠡᠯᠭᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠢᠮᠠᠭᠲᠠ ᠲᠤᠭᠤᠰᠢᠯᠠᠭᠤᠯᠵᠤ᠂ ᠵᠢᠭᠤᠯᠴᠢᠯᠠᠯ ᠤᠨ ᠦᠢᠯᠡᠴᠢᠯᠡᠭᠡ ᠶᠢ ᠰᠠᠶᠢᠲᠤᠷ ᠬᠢᠬᠦ ᠶᠢᠨ ᠬᠠᠮᠲᠤ ᠨᠢᠭᠡᠨᠲᠡ ᠤᠭᠰᠠᠷᠠᠭᠰᠠᠨ ᠲᠥᠬᠦᠭᠡᠷᠥᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠵᠤᠭᠠᠴᠠᠨ ᠨᠠᠭᠠᠳᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1