ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠫᠢᠩᠵᠤᠸᠠᠩ ᠤᠨ ᠶᠢᠨ | ᠾᠧ ᠠᠭᠤᠳᠠᠮ ᠲᠠᠯᠠᠪᠠᠶ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠭᠦᠨ | ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠪᠠ᠃ | | | | ᠬᠥᠳᠡᠯᠭᠡᠭᠡᠨ ᠤ ᠳᠤᠮᠳᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠵᠢᠯᠲᠠᠳ ᠨᠠᠭᠠᠰᠢ | ᠴᠠᠭᠠᠰᠢ ᠥᠩᠭᠡᠷᠡᠬᠦ ᠰᠠᠭᠤᠭᠠᠯᠢ ᠠᠷᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠠᠮᠢᠶ᠎ᠠ ᠪᠥᠬᠦᠶ ᠮᠡᠳᠡᠯᠭᠡ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ | ᠠᠬᠢᠭᠤᠯᠬᠤ ᠲᠦᠷᠢᠮ︾ ᠵᠡᠷᠭᠡ ᠵᠢᠷᠭᠤᠭᠠᠨ ᠠᠬᠢᠭᠤᠯᠬᠤ ᠲᠦᠷᠢᠮ ᠤᠨ ᠤᠬᠠᠭᠤᠯᠭ᠎ᠠ ᠶᠢᠨ ᠬᠠᠭᠤᠳᠠᠰᠤ ᠶᠢ | ᠲᠠᠷᠬᠠᠭᠠᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠠᠮᠢᠶ᠎ᠠ ᠪᠥᠬᠦᠶ ᠠᠭᠤᠯᠭ᠎ᠠ ᠶᠢ | ᠰᠠᠨᠠᠭᠠᠴᠢᠯᠠᠭ᠎ᠠ ᠠᠴᠠ ᠪᠠᠨ ᠣᠶᠢᠯᠠᠭᠠᠭᠤᠯᠵᠤ᠂ ︽ᠲᠠᠪᠤᠨ ᠦᠵᠡᠯᠲᠡ︾ ᠵᠢᠴᠢ ︽ᠭᠤᠷᠪᠠᠨ ᠰᠠᠯᠵᠤ ᠴᠢᠳᠠᠬᠤ ᠥᠬᠡᠶ | ︾᠂ ︽ᠳᠥᠷᠪᠡᠨ ᠬᠠᠮᠲᠤ ᠪᠠᠷ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠶᠢᠨ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠪᠠ᠃ ᠬᠥᠳᠡᠯᠭᠡᠭᠡᠨ ᠨᠢ ᠨᠡᠶᠢᠲᠡ 200 ᠭᠠᠷᠤᠶ ᠬᠤᠪᠢ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | | | | ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | |