7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ | ᠠᠬᠢᠭᠤᠯᠬᠤ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ᠃ | ᠬᠤᠷᠠᠯ ᠳᠡᠭᠡᠷ᠎ᠡ 5 ᠵᠢᠯ ᠤᠨ ᠲᠤᠷᠰᠢᠬᠢ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ︽7 · 9︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠷᠭ᠎ᠠ ᠬᠢᠳᠡᠯ ᠦᠷ᠎ᠡ ᠪᠦᠲᠦᠮᠵᠢ ᠶᠢ ᠳ᠋ᠦᠩᠨᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠡᠷᠦᠩᠬᠡᠢ ᠱᠦᠵᠢ ᠰᠢ ᠶᠢᠨ | ᠫᠢᠩ ᠤᠨ ︽7 · 9︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠬᠢᠨ ᠰᠤᠷᠤᠯᠴᠠᠬᠤ᠂ ᠳᠠᠬᠢᠨ ᠪᠠᠷᠢᠮᠵᠢᠶᠠᠯᠠᠨ | ᠬᠠᠷᠭᠤᠭᠤᠯᠬᠤ᠂ ᠳᠠᠬᠢᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢ ᠡᠷᠬᠢᠮᠯᠡᠬᠦ ᠶᠢ ᠨᠢᠭᠡᠳᠦᠭᠡᠷ | ᠱᠠᠭᠠᠷᠳᠠᠯᠭ᠎ᠠ ᠪᠣᠯᠭᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ | ᠤᠬᠠᠮᠰᠠᠷ ᠢᠶᠠᠨ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ︔ ᠨᠠᠮ ᠤᠨ ᠰᠢᠨ᠎ᠡ ᠶᠢ ᠡᠭᠦᠳᠬᠦ ᠣᠨᠣᠯ ᠢᠶᠠᠷ | ᠵᠡᠪᠰᠡᠭᠯᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ | ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ︽ᠪᠦᠬᠦ ᠲᠠᠯ᠎ᠠ ᠪᠠᠷ ᠳᠡᠭᠡᠭᠰᠢᠯᠡᠭᠦᠯᠬᠦ︾ ᠠᠵᠢᠯ ᠢ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠦᠴᠦᠨ ᠢ | ᠨᠡᠩ ᠣᠯᠠᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |