ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ | | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠢᠮᠠᠭᠲᠠ ᠠᠩᠬᠠᠷᠤᠨ ᠬᠠᠯᠠᠮᠵᠢᠯᠠᠵᠤ᠂ | ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ 2023 ᠣᠨ ᠤ 6 | ᠰᠠᠷ᠎ᠠ ᠳᠤ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠥ ᠰᠢᠨᠵᠢᠯᠡᠨ ᠪᠠᠶᠢᠴᠠᠭᠠᠵᠤ᠂ ᠳᠠᠬᠢᠨᠲᠠ ᠥᠪᠥᠷ | ᠮᠣᠩᠭᠤᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ ᠴᠢᠭᠯᠡᠯ ᠢ ᠲᠣᠭᠲᠠᠭᠠᠵᠤ ᠥᠭᠭᠦᠨ᠂ ᠡᠷᠴᠢ ᠵᠣᠷᠢᠭ ᠢ | ᠬᠥᠪᠴᠢᠯᠡᠨ ᠤᠷᠮᠠᠰᠢᠭᠤᠯᠤᠨ ᠵᠣᠷᠢᠭᠵᠢᠭᠤᠯᠪᠠ᠂ ᠪᠦᠭᠦ ᠣᠷᠣᠨ ᠳᠠᠶᠠᠭᠠᠷ ᠢᠶᠠᠨ ᠲᠦᠢᠯ ᠢᠶᠠᠷ ᠤᠷᠮᠠᠰᠢᠨ ᠵᠣᠷᠢᠭᠵᠢᠪᠠ | ᠃ | ᠨᠢᠭᠡ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠭᠤᠣᠯ ᠰᠡᠳᠦᠪᠲᠦ | ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠬᠦᠴᠦᠨ ᠴᠢᠳᠠᠯ | ᠣᠯᠭᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠲᠦᠴᠡ᠂ ᠦᠵᠡᠯ | ᠰᠠᠨᠠᠭ᠎ᠠ ᠣᠶᠢᠯᠠᠭᠠᠭᠳᠠᠬᠤᠨ ᠪᠣᠯᠣᠨ ᠠᠵᠢᠯ ᠤᠨ ᠰᠤᠷᠲᠠᠯ ᠢᠶᠠᠨ ᠱᠠᠯᠠᠪᠳᠠᠨ ᠲᠠᠭᠢᠨ ᠪᠤᠢ ᠪᠤᠯᠭᠠᠵᠤ᠂ ᠣᠷᠣᠨ | ᠳᠠᠶᠠᠭᠠᠷ ᠢᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠳᠦᠷᠢ ᠲᠥᠷᠬᠦ ᠶᠢ ᠱᠤᠭᠤᠬᠤ᠂ ᠪᠣᠳᠠᠲᠤ ᠦᠷ᠎ᠡ | ᠪᠦᠲᠦᠮᠵᠢ ᠶᠢ ᠡᠷᠭᠢᠮᠯᠡᠭᠦ ᠶᠢ ᠬᠥᠲᠥᠯᠥᠨ ᠵᠢᠯᠤᠭᠤᠳᠴᠤ᠂ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠶᠢ ᠠᠬᠢᠭᠤᠯᠬᠤ︾ ᠬᠠᠷᠠᠯᠲᠠ ᠲᠡᠶᠢᠰᠢ | ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠣᠯ ᠰᠢᠵᠢᠮ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠨᠡᠶᠢᠲᠡᠯᠡᠪᠡ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ | ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠭᠦ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ | ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠥᠮ ᠡᠨᠡ ᠬᠦ | ᠭᠤᠣᠯ ᠰᠢᠵᠢᠮ ᠤᠨ ᠲᠣᠭᠤᠷᠢᠨ ᠳᠤ ᠥᠴᠥᠬᠡᠨ ᠴᠦ ᠬᠡᠯᠪᠠᠶᠢᠯᠭᠡᠬᠦ ᠦᠭᠡᠢ ᠪᠠᠷ ᠥᠷᠨᠢᠭᠦᠯᠬᠦ ᠶᠢ ᠠᠬᠢᠭᠤᠯᠪᠠ᠃ | ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠡᠮᠬᠢ ᠵᠢᠷᠤᠮ ᠲᠠᠢ ᠠᠬᠢᠭᠤᠯᠬᠤ ᠠᠵᠢᠯ ᠤᠨ ᠲᠣᠭᠲᠠᠴᠠ ᠶᠢ | ᠪᠠᠶᠢᠭᠤᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠢ | ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠡᠯ᠎ᠡ ᠱᠠᠲᠤᠨ ᠤ ᠨᠠᠮ ᠤᠨ | ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠢ ᠬᠠᠷᠢᠭᠤᠴᠠᠬᠤ ᠳᠠᠭᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠶᠢᠨ | ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠪᠡᠯᠡ ᠮᠥᠩᠭᠦ ᠪᠠ ᠲᠥᠷᠥᠯ ᠵᠦᠢᠯ ᠤᠨ ᠲᠣᠬᠢᠷᠠᠭᠤᠯᠤᠯᠲᠠ | ᠵᠡᠷᠭᠡ ᠳᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠭᠰᠠᠨ ᠢ ᠬᠢᠨᠠᠨ ᠬᠠᠷᠭᠤᠭᠤᠯᠬᠤ᠂ ᠦᠨᠡᠯᠡᠬᠦ᠂ ᠴᠡᠭᠴᠡᠯᠡᠨ | ᠢᠯᠭᠠᠷᠠᠭᠤᠯᠬᠤ ᠲᠣᠭᠲᠠᠴᠠ ᠶᠢ ᠪᠠᠶᠢᠭᠤᠯᠵᠤ᠂ ᠡᠨᠡ ᠬᠦ ︽ᠲᠠᠷᠢᠬᠢ ᠲᠣᠯᠣᠭᠠᠢ ᠳᠠᠬᠢ︾ ᠠᠵᠢᠯ ᠢ ᠡᠯ᠎ᠡ ᠱᠠᠲᠤᠨ ᠤ | ︽ᠭᠠᠷ ᠲᠠᠬᠢ︾ ᠠᠵᠢᠯ ᠪᠣᠯᠭᠠᠨ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠨᠠᠮ | ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ | ᠤᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠭ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳᠤ ᠵᠢᠭᠰᠠᠭᠠᠨ ᠣᠷᠣᠭᠤᠯᠵᠤ᠂ ᠡᠯ᠎ᠡ ᠲᠦᠷᠦᠯ ᠤᠨ ᠠᠵᠢᠯ | ᠲᠦᠷᠦᠯ ᠤᠨ ᠳᠦᠷᠢᠮ ᠲᠣᠭᠲᠠᠭᠠᠯ᠂ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠳᠠ ᠶᠢᠨ ᠠᠷᠠᠳ ᠤᠨ | ᠨᠡᠶᠢᠲᠡ ᠶᠢᠨ ᠭᠡᠷ᠎ᠡ ᠳᠤ ᠪᠠᠰᠠ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠭᠤᠯᠭ᠎ᠠ ᠶᠢ ᠵᠠᠯᠭᠠᠭ᠎ᠠ ᠪᠠᠷ ᠨᠡᠮᠡᠨ | ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ | ᠠᠭᠠᠵᠢᠮ ᠢᠶᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠳᠦᠷ ᠳᠤᠳᠤᠮ ᠤᠨ ᠠᠶᠠᠨᠳᠠᠭᠠᠨ ᠬᠡᠷᠡᠭᠯᠡᠳᠡᠭ | ᠤᠬᠠᠮᠰᠠᠷᠲᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠵᠤ ᠬᠤᠪᠢᠷᠠᠵᠤ ᠪᠠᠶᠢᠨ᠎ᠠ᠃ | ᠰᠢᠨᠵᠢᠯᠡᠬᠦ ᠤᠬᠠᠭᠠᠨᠴᠢ ᠵᠢᠷᠤᠮᠵᠢᠩᠭᠤᠢ᠂ ᠰᠢᠰᠲ᠋ᠧᠮ ᠲᠠᠢ ᠪᠦᠭᠦ ᠲᠠᠯ᠎ᠠ ᠪᠠᠷ ᠰᠤᠳᠤᠯᠤᠨ ᠲᠠᠶᠢᠯᠪᠤᠷᠢᠯᠠᠬᠤ | ᠰᠢᠰᠲ᠋ᠧᠮ ᠢ ᠪᠦᠷᠢᠯᠳᠦᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠨᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ︵ | ᠪᠤᠶᠢᠵᠢᠭᠤᠯᠬᠤ︶ ᠰᠠᠭᠤᠷᠢᠨ ᠢ 11 ᠰᠣᠩᠭᠤᠨ ᠨᠡᠷᠡᠶᠢᠳᠴᠦ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡᠨ ᠮᠠᠲ᠋ᠧᠷᠢᠶᠠᠯ • ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠵᠦ᠂ ︽ | ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠥᠬᠡ ᠭᠠᠳᠠᠷᠲᠤ ᠪᠢᠴᠢᠭ ︵2023︶︾ ᠢ ᠨᠠᠶᠢᠷᠠᠭᠤᠯᠤᠨ ᠪᠢᠴᠢᠵᠦ᠂ ᠡᠷᠲᠡᠨ ᠠᠴᠠ ᠨᠠᠭᠠᠰᠢᠬᠢ | ᠥᠪᠥᠷ ᠮᠣᠩᠭᠤᠯ ᠤᠨ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠬᠠᠮᠲᠤ ᠪᠠᠷ ᠰᠠᠶᠢᠨ ᠰᠠᠶᠢᠬᠠᠨ | ᠠᠮᠢᠳᠤᠷᠠᠯ ᠢᠶᠠᠨ ᠴᠣᠭᠴᠠᠯᠠᠭᠰᠠᠨ ᠲᠡᠦᠬᠡᠨ ᠪᠣᠳᠠᠲᠤ ᠪᠠᠶᠢᠳᠠᠯ ᠢ ᠭᠦᠢᠴᠡᠳ ᠠᠭᠤᠳᠠᠯᠤᠨ ᠢᠯᠡᠷᠡᠭᠦᠯᠪᠡ᠃ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠣᠯᠣᠨ ᠡᠯᠧᠮᠧᠨ᠋ᠲ ᠢ ᠲᠡᠦᠬᠡ ᠰᠣᠶᠣᠯ ᠤᠨ | ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ | ᠦᠵᠡᠮᠵᠢ ᠶᠢᠨ ᠦᠵᠡᠭᠦᠯᠭᠡ ᠵᠡᠷᠭᠡ ᠲᠠᠯ᠎ᠠ ᠳᠤ ᠭᠦᠢᠴᠡᠳ ᠢᠯᠡᠷᠡᠭᠦᠯᠵᠦ᠂ ︽ᠬᠠᠳᠤᠨ ᠭᠤᠣᠯ ᠤᠨ ᠰᠦᠭ ᠰᠦᠨᠡᠰᠦ︾ | ᠂ ︽ᠤᠷᠳᠤ ᠴᠠᠭᠠᠨ ᠬᠡᠷᠡᠮ︾᠂ ︽ᠪᠣᠭᠤᠮᠲᠠ ᠶᠢᠨ ᠪᠠᠷᠠᠭᠤᠨ ᠠᠮᠠ ᠶᠢᠨ ᠤᠯᠠ ᠮᠥᠷ︾᠂ ︽︿ᠪᠣᠷᠣᠳᠣᠬᠤᠢ | ᠬᠥᠮᠥᠨ﹀ ᠤ ᠤᠯᠠ ᠮᠥᠷ ᠢᠶᠠᠷ︾᠂ ︽ᠭᠦᠭᠡᠬᠤᠲᠠ ᠶᠢᠨ ᠰᠣᠶᠣᠯ ᠤᠨ ᠤᠯᠠᠮᠵᠢᠯᠠᠯ ᠬᠥᠭᠵᠢᠯᠲᠡ︾ ᠵᠡᠷᠭᠡ ᠨᠢᠭᠡ | ᠪᠦᠯᠦᠭ ᠥᠪᠥᠷ ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠰᠣᠶᠣᠯ ᠤᠨ ᠤᠬᠠᠭᠤᠯᠭ᠎ᠠ ᠶᠢᠨ | ᠪᠦᠲᠦᠭᠡᠭᠳᠡᠬᠦᠨ ᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠨᠡᠩ ᠣᠶᠢᠯᠠᠭᠠᠨ ᠮᠡᠳᠡᠷᠡᠭᠦᠯᠬᠦ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠲᠤ ︽ᠠᠨᠠᠷ ᠤᠨ ᠦᠷ᠎ᠡ ᠬᠥᠮᠥᠨ | ᠬᠥᠮᠥᠵᠢᠭᠦᠯᠬᠦ ᠪᠠᠭ᠎ᠠ ᠬᠢᠴᠢᠶᠡᠯ ᠤᠨ ᠲᠠᠩᠬᠢᠮ︾ ᠭᠠᠷᠭᠠᠵᠤ᠂ ᠵᠠᠭᠤᠴᠢᠯᠠᠭᠤᠷ ᠲᠤ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠠᠨᠠᠷ ᠤᠨ ᠴᠡᠴᠡᠭ | ᠳᠡᠯᠭᠡᠷᠡᠨᠡᠮ︾᠂ ︽ᠭᠡᠷ ᠣᠷᠣᠨ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠡᠯ᠎ᠡ ᠱᠠᠲᠤᠨ ᠤ ᠨᠠᠮ ᠤᠨ ᠰᠤᠷᠭᠠᠭᠤᠯᠢ | ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ | ᠪᠣᠯᠪᠠᠰᠤᠷᠠᠯ ᠤᠨ ᠠᠩᠭᠢ ᠡᠷᠭᠢᠯᠡᠭᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ ︽ | ᠳᠥᠷᠪᠡᠨ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ | ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠲᠤᠮ ᠪᠠᠬᠢᠵᠢᠵᠦ᠂ ᠶᠠᠭ ᠠᠭᠠᠷ | ᠪᠠ ᠨᠡᠷᠡᠨ ᠤ ᠭᠡᠷᠡᠯ ᠰᠢᠭ ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ | ᠰᠠᠨᠠᠭ᠎ᠠ ᠶᠢ ᠤᠮᠳᠠᠯᠠᠵᠤ ᠪᠠᠶᠢᠨ᠎ᠠ᠃ | ᠣᠯᠠᠨ ᠡᠰᠢᠲᠦ ᠨᠢᠭᠡ ᠴᠣᠭᠴᠠᠵᠢᠭᠰᠠᠨ᠂ ᠣᠨᠴᠠᠯᠢᠭ ᠰᠢᠨᠵᠢ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ | ᠬᠠᠩᠭᠢᠨᠠᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ | ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯ ᠤᠨ ᠰᠣᠶᠣᠯ᠂ ᠲᠠᠯ᠎ᠠ | ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ | ᠰᠣᠶᠣᠯ ᠵᠡᠷᠭᠡ ᠰᠣᠶᠣᠯ ᠤᠨ ᠭᠡᠯᠪᠡᠷᠢ ᠶᠢ ᠰᠢᠰᠲ᠋ᠧᠮ ᠲᠠᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ︽ᠮᠣᠩᠭᠤᠯ ᠮᠣᠷᠢᠨ ᠤ | ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠵᠡᠷᠭᠡ | ᠴᠠᠭ ᠦᠶ᠎ᠡ ᠶᠢᠨ ᠱᠠᠭᠠᠷᠳᠠᠯᠭ᠎ᠠ ᠶᠢ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠦᠭᠦ ᠬᠦᠴᠦ ᠪᠠᠷ ᠢᠶᠠᠨ | ᠪᠦᠲᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ ᠨᠢᠭᠲᠠᠷᠠᠭᠤᠯᠵᠤ᠂ | ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠬᠤᠯᠪᠣᠭᠠᠰᠤ ᠶᠢ ᠪᠠᠲᠤ ᠰᠦᠯᠵᠢᠪᠡ᠃ ᠨᠢᠳᠤᠨᠤᠨ ᠠᠴᠠ ᠨᠠᠭᠠᠰᠢ᠂ | ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠢ ᠪᠠᠶᠢᠭᠤᠯᠵᠤ᠂ ᠤᠮᠠᠷᠠᠲᠤ ᠬᠢᠯᠢ ᠶᠢᠨ ᠤᠳᠬ᠎ᠠ | ᠤᠷᠠᠯᠢᠭ ᠤᠨ ᠶᠠᠷᠢᠶᠠᠨ ᠤ ᠲᠠᠪᠴᠠᠩ ᠪᠣᠯᠣᠨ ︽ᠤᠮᠠᠷᠠᠲᠤ ᠬᠢᠯᠢ ᠶᠢᠨ ᠤᠯᠠ ᠮᠥᠷ — ᠳᠤᠮᠳᠠᠳᠤ ᠶᠢᠨ | ᠪᠣᠯᠪᠠᠰᠤᠨ ᠤ ᠲᠣᠪᠤᠶᠢᠮ᠎ᠠ ᠣᠨᠴᠠᠯᠢᠭ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ | ᠡᠷᠭᠢᠯᠡᠵᠤ᠂ ︽ᠨᠣᠮᠢᠨ ᠨᠣᠭᠤᠭᠠᠨ ᠣᠷᠳᠣ ᠴᠠᠭᠠᠨ ᠬᠡᠷᠡᠮ︾᠂ ︽ᠤᠯᠠᠭᠠᠨᠮᠥ᠋ᠴᠢᠷ ᠬᠢᠯᠢ ᠬᠢᠵᠠᠭᠠᠷ ᠢᠶᠠᠷ ᠠᠶᠠᠯᠠᠨ | ᠲᠤᠬᠯᠠᠯᠳᠠ ᠭᠠᠷᠭᠠᠬᠤ︾ ᠪᠠ ︽ᠲᠠᠯ᠎ᠠ ᠨᠤᠲᠤᠭ ᠠᠴᠠ ᠤᠶᠠᠩᠭ᠎ᠠ ᠳᠠᠭᠤᠤ ᠴᠤᠤᠷᠢᠶᠠᠲᠤᠨ᠎ᠠ︾᠂ ︽ᠮᠢᠩᠭᠠᠨ | ᠣᠨ ᠤ ᠵᠣᠣ ᠵᠢᠶᠦ᠋ᠨ ᠪᠣᠭᠤᠮᠲᠠ ᠶᠢᠨ ᠭᠠᠳᠠᠨᠠᠬᠢ ᠬᠠᠶᠢᠷ᠎ᠠ︾ ᠵᠡᠷᠭᠡ ᠨᠢᠭᠡ ᠪᠦᠯᠦᠭ ᠰᠣᠶᠣᠯ ᠤᠷᠠᠯᠢᠭ ᠤᠨ | ᠪᠦᠲᠦᠭᠡᠯ ᠢ ᠵᠣᠬᠢᠶᠠᠨ ᠪᠦᠲᠦᠭᠡᠵᠦ᠂ ︽ᠤᠷᠳᠤ ᠴᠠᠭᠠᠨ ᠬᠡᠷᠡᠮ ᠪᠣᠯᠣᠨ ᠬᠠᠳᠤᠨ ᠭᠤᠣᠯ ᠤᠨ ᠥᠪᠥᠷ | ᠮᠣᠩᠭᠤᠯ ᠳᠠᠬᠢ ᠲᠠᠪᠤ ᠤᠳᠠᠭ᠎ᠠ ᠶᠢᠨ ᠠᠭᠤᠯᠵᠠᠯᠲᠠ︾ ᠰᠢᠷᠢᠰ ᠮᠡᠳᠡᠭᠡᠯᠡᠯ ᠥᠷᠨᠢᠭᠦᠯᠵᠦ᠂ ᠤᠮᠠᠷᠠᠲᠤ ᠬᠢᠯᠢ ᠶᠢᠨ ᠡᠬᠡ | ᠭᠠᠵᠠᠷ ᠳᠡᠭᠡᠷᠡᠬᠢ ᠳᠤᠮᠳᠠᠳᠤ ᠶᠢᠨ ᠪᠣᠯᠪᠠᠰᠤᠨ ᠤ ︽ᠲᠠᠪᠤᠨ ᠲᠣᠪᠤᠶᠢᠮ᠎ᠠ ᠣᠨᠴᠠᠯᠢᠭ︾ ᠤᠨ ᠲᠡᠦᠬᠡ ᠶᠢ ᠪᠦᠭᠦ | ᠲᠠᠯ᠎ᠠ ᠪᠠᠷ ᠢᠯᠡᠷᠡᠭᠦᠯᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ | ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠲᠤᠬᠠᠢ ᠣᠶᠢᠯᠠᠭᠠᠯᠲᠠ ᠪᠠ | ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠣᠳᠣᠬᠠᠨ ᠳᠤ᠂ ᠶᠠᠭ ᠤᠮᠠᠷᠠᠲᠤ ᠬᠢᠯᠢ ᠶᠢᠨ ᠰᠣᠶᠣᠯ ᠤᠨ | ᠰᠤᠳᠤᠯᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ ᠶᠢ | ᠵᠣᠬᠢᠶᠠᠨ ᠪᠠᠶᠢᠭᠤᠯᠤᠨ ᠨᠠᠶᠢᠷᠠᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠯᠢᠭᠡᠷ︾᠂ ︽ᠮᠣᠩᠭᠤᠯ | ᠮᠣᠷᠢᠨ ᠤ ᠵᠣᠷᠢᠭ ᠰᠠᠨᠠᠭᠠᠨ ᠤ ᠰᠤᠳᠤᠯᠭᠠᠨ︾ ᠵᠡᠷᠭᠡ ᠰᠢᠷᠢᠰ ᠨᠣᠮ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ | ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ ᠮᠠᠲ᠋ᠧᠷᠢᠶᠠᠯ ᠤᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ | ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃ | ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠᠶᠠᠷᠯᠠᠭᠤᠰᠢᠲᠠᠢ ᠠᠮᠵᠢᠯᠲᠠ ᠣᠯᠪᠠ | 2023 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ | ᠡᠷᠭᠢᠯᠡᠭᠦ ᠶᠢᠨ ᠲᠣᠭᠤᠷᠢᠨ ᠳᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ 6 ᠠᠬᠢᠭᠤᠯᠬᠤ ᠳᠦᠷᠢᠮ ᠢ ᠲᠣᠭᠲᠠᠭᠠᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠵᠤ᠂ ᠨᠠᠮ ᠤᠨ | ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ | ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠬᠢᠵᠠᠭᠠᠷ | ᠣᠷᠣᠨ ᠢ ᠲᠣᠭᠲᠠᠭᠤᠨ ᠪᠠᠶᠢᠯᠭᠠᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠤ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠯᠤᠭ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠰᠤᠷᠲᠠᠯ | ᠲᠥᠪ ᠰᠤᠷᠲᠠᠯ ᠢ ᠪᠠᠳᠠᠷᠠᠭᠤᠯᠬᠤ ᠵᠡᠷᠭᠡ 7 ᠲᠠᠯ᠎ᠠ ᠪᠠᠷ ᠵᠢᠱᠢᠶᠡᠴᠢ ᠪᠤᠯᠬᠤ ᠬᠠᠷᠠᠯᠲᠠ ᠡᠭᠦᠷᠭᠡ ᠶᠢ ᠳᠤᠷᠠᠳᠴᠤ᠂ | ᠵᠢᠯ ᠤᠨ ᠡᠴᠦᠰ ᠲᠤ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠠᠵᠤ ᠠᠬᠤᠢ ᠶᠢᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷ᠂ | ᠬᠥᠰᠢᠭᠦᠷᠭᠡ ᠶᠢᠨ ᠴᠢᠨᠠᠷᠲᠠᠢ ᠦᠢᠯᠡᠳᠦᠯ ᠪᠦᠬᠦᠢ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ ᠬᠡᠷᠡᠭᠵᠢᠭᠦᠯᠪᠡ᠃ | ᠬᠤᠶᠠᠷ ᠶᠡᠭᠡ ᠶᠠᠪᠤᠳᠠᠯ ᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠬᠦᠷᠢᠶᠡᠨ ᠳᠤ ᠦᠯᠡᠮᠵᠢ ᠦᠷ᠎ᠡ ᠪᠦᠲᠦᠭᠡᠯ | ᠣᠯᠪᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠦᠲᠦᠭᠡᠨ ᠪᠠᠶᠢᠭᠤᠯᠬᠤ ᠲᠠᠯ᠎ᠠ ᠪᠠᠷ᠂ ᠭᠤᠣᠯ ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ | ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠲᠤᠰᠬᠠᠢ ᠠᠵᠢᠯ ᠤᠨ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ᠂ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ ᠲᠣᠭᠲᠠᠭᠠᠵᠤ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠵᠤ᠂ 2023 ᠣᠨ ᠳᠤ 556 ᠲᠦᠮᠡᠨ ᠮᠦ ᠣᠶᠢᠵᠢᠭᠤᠯᠵᠤ᠂ | 1817 ᠲᠦᠮᠡᠨ ᠮᠦ ᠡᠪᠡᠰᠦ ᠳᠠᠷᠢᠵᠤ᠂ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠵᠤ᠂ 2024 ᠣᠨ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ 1500 ᠲᠦᠮᠡᠨ ᠮᠦ ᠠᠴᠠ ᠳᠡᠭᠡᠭᠰᠢ | ᠵᠠᠰᠠᠬᠤ ᠪᠠᠷ ᠲᠥᠯᠥᠪᠯᠡᠵᠦ᠂ 1 — 2 ᠵᠢᠯ ᠬᠡᠷᠡᠭᠯᠡᠵᠦ ᠪᠠᠶᠢᠭᠠᠳ ᠡᠭᠦᠷᠭᠡ ᠪᠠᠷ ᠨᠡᠯᠢᠶᠡᠳ ᠪᠠᠭ᠎ᠠ ᠬᠤᠰᠢᠭᠤ | ᠰᠢᠶᠠᠨ ᠳᠤ ᠪᠦᠭᠦᠨ ᠢ ᠵᠠᠰᠠᠵᠤ ᠳᠠᠭᠤᠰᠬᠠᠬᠤ ᠪᠠᠷ ᠴᠢᠷᠮᠠᠶᠢᠵᠤ᠂ 2030 ᠣᠨ ᠪᠤᠯᠬᠤ ᠳᠤ 9704 ᠲᠦᠮᠡᠨ ᠮᠦ | ᠡᠯᠡᠰᠦ ᠶᠢ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ | ᠬᠠᠪᠲᠠᠰᠤᠨ ᠳᠡᠭᠡᠷ᠎ᠡ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ ᠬᠠᠪᠲᠠᠰᠤᠨ ᠬᠤᠭᠤᠷᠣᠨᠳᠤ | ᠲᠡᠵᠢᠭᠡᠨ ᠦᠷᠡᠵᠢᠭᠦᠯᠬᠦ︾ ᠵᠡᠷᠭᠡ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢᠶᠠᠷ ᠨᠣᠭᠤᠭᠠᠷᠠᠭᠤᠯᠤᠯᠲᠠ ᠶᠢ | ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠵᠢᠯ ᠤᠨ | ᠳᠣᠲᠣᠷ᠎ᠠ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠷ ᠲᠡᠮᠵᠢᠨ 230 | ᠲᠦᠮᠡᠨ ᠮᠦ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ᠎ᠠ᠃ ᠬᠥᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥᠨ ᠤ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ | ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ︽ᠬᠥᠯᠥᠨ ᠨᠠᠭᠤᠷ | ᠤᠯᠠᠭᠠᠨᠰᠤᠬᠠᠢ ᠳᠠᠭ᠎ᠠ ᠶᠢᠨ ᠨᠠᠭᠤᠷ︾᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ | ᠨᠢᠩᠰᠢᠶᠠ᠂ ᠱᠠᠨ ᠰᠢ᠂ ᠱᠠᠨᠰᠢ ᠯᠤᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ | ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠶᠢ ᠪᠠᠶᠢᠭᠤᠯᠵᠤ᠂ ᠪᠦᠭᠦ ᠤᠯᠤᠰ ᠤᠨ ᠠᠩᠬᠠᠳᠠᠭᠴᠢ ᠬᠠᠲᠤᠨ | ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ︽ᠡᠯᠡᠰᠦ ᠶᠢ ᠬᠠᠰᠢᠵᠤ ᠤᠰᠤ ᠶᠢ | ᠰᠣᠯᠢᠬᠤ︾ ᠲᠤᠷᠰᠢᠯᠲᠠ ᠶᠢᠨ ᠴᠡᠭ ᠤᠨ ᠢᠨᠵᠧᠨᠧᠷᠢᠩ ᠢ ᠪᠠᠶᠢᠭᠤᠯᠤᠨ᠂ 2023 ᠣᠨ ᠤ ᠪᠦᠭᠦ ᠣᠷᠣᠨ ᠤ ᠭᠠᠵᠠᠷ | ᠳᠡᠭᠡᠷᠡᠬᠢ ᠤᠰᠤᠨ ᠤ ᠤᠯᠤᠰ ᠠᠴᠠ ᠰᠢᠯᠭᠠᠨ ᠪᠠᠶᠢᠴᠠᠭᠠᠭᠰᠠᠨ ᠤᠰᠤᠨ ᠤ ᠣᠭᠲᠣᠯᠣᠭᠠᠰᠤ ᠶᠢᠨ ᠰᠢᠯᠢᠳᠡᠭ ᠤᠰᠤᠨ | ᠴᠣᠭᠴᠠ ᠶᠢᠨ ᠬᠠᠷᠢᠴᠠᠯ᠂ ᠠᠭᠠᠷ ᠮᠠᠨᠳᠠᠯ ᠤᠨ PM2.5 ᠶᠢᠨ ᠥᠳᠬᠡᠴᠡ ᠪᠠ ᠬᠦᠨᠳᠦ ᠪᠤᠬᠢᠷᠳᠤᠯᠲᠤ ᠡᠳᠦᠷ ᠤᠨ | ᠲᠤᠭ᠎ᠠ ᠨᠢ ᠴᠥᠮ ᠤᠯᠤᠰ ᠤᠨ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ ︽ᠤᠰᠤᠨ ᠪᠣᠯᠣᠷ | ᠭᠤᠣᠯ ᠲᠤᠨᠤᠯᠵᠠᠨ ᠤᠷᠤᠰᠤᠭᠠᠳ︾᠂ ︽ᠥᠩᠭᠡ ᠶᠢᠨ ᠴᠡᠴᠡᠭ ᠰᠣᠯᠣᠩᠭᠠᠷᠠᠨ ᠳᠡᠯᠭᠡᠷᠡᠭᠰᠡᠨ︾ ᠭᠤᠶᠤ ᠦᠵᠡᠮᠵᠢ | ᠳᠠᠩᠳᠠ ᠢᠯᠡᠷᠡᠬᠦ ᠪᠣᠯᠪᠠ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ | ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ ᠤᠯᠤᠰ ᠤᠨ | ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠰᠠᠶᠢᠲᠤᠷ ᠰᠠᠬᠢᠪᠠ᠃ | ᠰᠢᠨ᠎ᠡ ᠭᠡᠯᠪᠡᠷᠢ ᠶᠢᠨ ᠬᠢᠯᠢ ᠬᠠᠮᠠᠭᠠᠯᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠲᠣᠭᠠᠴᠢᠯᠠᠭᠰᠠᠨ ᠬᠢᠯᠢ ᠶᠢᠨ | ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ | ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠵᠠᠬᠢᠳᠠᠯ ᠰᠤᠷᠪᠤᠯᠵᠢᠯᠠᠯ ᠢ | ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2023 ᠣᠨ ᠳᠤ ᠡᠯ᠎ᠡ ᠱᠠᠲᠤᠨ ᠤ ᠡᠯ᠎ᠡ | ᠲᠥᠷᠥᠯ ᠤᠨ ᠵᠠᠬᠢᠳᠠᠯ ᠰᠤᠷᠪᠤᠯᠵᠢᠯᠠᠯ ᠤᠨ ᠵᠦᠢᠯᠡᠰ ᠠᠷᠠᠳ ᠤᠨ ᠠᠮᠢᠳᠤᠷᠠᠯ ᠤᠨ ᠵᠦᠢᠯᠡᠰ ᠢ 2.9 ᠲᠦᠮᠡ ᠭᠠᠷᠤᠢ | ᠬᠤᠪᠢ ᠣᠷᠣᠯᠠᠨ ᠭᠦᠢᠴᠡᠳᠬᠡᠵᠦ ᠥᠭᠭᠦᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 90% ᠠᠴᠠ ᠳᠡᠭᠡᠭᠰᠢ ᠳᠤ | ᠬᠦᠷᠴᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 99.04% ᠳᠤ ᠭᠦᠷᠪᠡ᠃ ᠨᠡᠶᠢᠭᠡᠮ ᠤᠨ ᠠᠮᠤᠷ ᠢ | ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ︽ᠴᠠᠭ ᠢᠮᠠᠭᠲᠠ ᠰᠠᠨᠠᠭ᠎ᠠ | ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠠᠶᠤᠯᠲᠠᠢ | ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠣᠬᠢᠷᠠᠭᠤᠯᠤᠨ | ᠪᠠᠶᠢᠭᠤᠯᠵᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠦᠢᠯ ᠤᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠨ ᠪᠠᠶᠢᠴᠠᠭᠠᠬᠤ | ᠠᠵᠢᠯ ᠢ ᠭᠦᠨᠵᠡᠭᠡᠢ ᠥᠷᠨᠢᠭᠦᠯᠵᠦ᠂ 2023 ᠣᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠤᠭᠰᠠᠨ ᠲᠤᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠲᠤᠰ ᠲᠤᠰ 22.8%᠂ 12.9% ᠪᠠᠷ ᠪᠠᠭᠤᠷᠠᠵᠤ᠂ | 2024 ᠣᠨ ᠤ ᠲᠦᠷᠦᠭᠦᠦ 5 ᠰᠠᠷ᠎ᠠ ᠳᠤ ᠲᠤᠰ ᠲᠤᠰ 41.3%᠂ 32.5% ᠪᠠᠷ ᠪᠠᠭᠤᠷᠠᠪᠠ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ | ᠪᠠᠶᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠵᠤ | ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ ᠠᠬᠢᠭᠤᠯᠵᠤ᠂ ᠰᠢᠨ᠎ᠡ | ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠳᠠᠪᠠᠭᠤᠯᠢᠭ ᠪᠠ ᠬᠠᠮ ᠳᠠᠪᠠᠭᠤᠯᠢᠭ ᠢ ᠲᠠᠰᠤᠷᠠᠯᠳᠠ ᠦᠭᠡᠢ | ᠶᠡᠬᠡᠰᠬᠡᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ 2023 | ᠣᠨ ᠳᠤ 12.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 9.45 ᠳ᠋ᠦᠩᠰᠢᠭᠤᠷ ᠲᠣᠨ ᠤ | ᠬᠠᠩᠭᠠᠯᠭ᠎ᠠ ᠶᠢ ᠪᠠᠲᠤᠯᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ | ᠺᠢᠯᠣᠸᠠᠲ ᠢ ᠳᠠᠪᠠᠵᠤ᠂ 7566 ᠳ᠋ᠦᠩᠰᠢᠭᠤᠷ ᠭᠷᠡᠳᠦ᠋ᠰ ᠤᠨ ᠴᠠᠭᠢᠯᠭᠠᠨ ᠭᠠᠷᠭᠠᠵᠤ᠂ 3065 ᠳ᠋ᠦᠩᠰᠢᠭᠤᠷ | ᠭᠷᠡᠳᠦ᠋ᠰ ᠴᠠᠭᠢᠯᠭᠠᠨ ᠢ ᠭᠠᠳᠠᠭᠰᠢ ᠬᠦᠷᠭᠡᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠪᠠ᠃ | ᠣᠳᠣᠬᠠᠨ ᠳᠤ᠂ ᠥᠪᠥᠷ ᠮᠣᠩᠭᠤᠯ ᠨᠢᠭᠡᠨᠲᠡ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ᠂ ᠡᠭᠦᠨ ᠳᠤ 404 ᠲᠦᠮᠡᠨ | ᠺᠢᠯᠣᠸᠠᠲ ᠤᠨ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠡᠨᠡ ᠵᠢᠯ ᠤᠨ ᠡᠴᠦᠰ ᠲᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.35 | ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠬᠡᠪᠴᠢᠶ᠎ᠡ 1000 ᠲᠦᠮᠡᠨ ᠺᠢᠯᠣᠸᠠᠲ ᠲᠤ ᠬᠦᠷᠬᠦ | ᠪᠣᠯᠣᠨ᠎ᠠ᠃ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ | ᠪᠦᠭᠦ ᠳᠡᠯᠡᠬᠡᠢ ᠳᠤ ᠲᠦᠷᠦᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ | ᠬᠤᠪᠣᠷ ᠰᠢᠷᠣᠢ ᠶᠢᠨ 30 ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ | ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠪᠣᠷ | ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠬᠡᠷᠡᠭᠯᠡᠯᠲᠡ ᠳᠤ ᠪᠦᠭᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ | ᠴᠢᠳᠠᠪᠤᠷᠢ᠂ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠬᠡᠮᠵᠢᠶ᠎ᠡ ᠲᠣᠰ ᠲᠣᠰ ᠪᠦᠭᠦ ᠤᠯᠤᠰ ᠤᠨ | 30% ᠪᠠ 40% ᠠᠴᠠ ᠳᠡᠭᠡᠭᠰᠢ ᠶᠢ ᠡᠵᠡᠯᠡᠵᠦ᠂ 2023 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ | ᠨᠡᠮᠡᠭᠳᠡᠯ ᠥᠷᠲᠡᠭ 21% ᠪᠠᠷ ᠨᠡᠮᠡᠭᠳᠡᠪᠡ᠃ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ | ︾ ᠶᠢᠨ ᠪᠣᠭᠤᠮᠢ ᠪᠣᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠭᠦᠨ ᠤᠰᠤ ᠠᠷᠪᠢᠯᠠᠬᠤ ᠶᠢ ᠴᠢᠩᠭᠠᠳᠬᠠᠵᠤ᠂ | ᠦᠷ᠎ᠡ ᠶᠢᠨ ᠦᠢᠯᠡᠰ᠂ ᠰᠦ ᠶᠢᠨ ᠦᠢᠯᠡᠰ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ | ᠠᠬᠢᠭᠤᠯᠵᠤ᠂ 2023 ᠣᠨ ᠤ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ | ᠤᠨᠠᠯᠲᠠ 11.5 ᠳ᠋ᠦᠩᠰᠢᠭᠤᠷ ᠵᠢᠩ ᠨᠡᠮᠡᠭᠳᠡᠨ᠂ ᠭᠠᠳᠠᠭᠰᠢ 500 ᠳ᠋ᠦᠩᠰᠢᠭᠤᠷ ᠵᠢᠩ ᠠᠴᠠ ᠳᠡᠭᠡᠭᠰᠢ | ᠰᠢᠯᠵᠢᠭᠦᠯᠪᠡ︔ ᠮᠢᠬᠠᠨ ᠤ ᠵᠦᠢᠯ᠂ ᠰᠦ ᠶᠢᠨ ᠭᠠᠷᠤᠯᠲᠠ ᠲᠣᠰ ᠲᠣᠰ 57 ᠳ᠋ᠦᠩᠰᠢᠭᠤᠷ ᠵᠢᠩ ᠪᠠ 158.5 | ᠳ᠋ᠦᠩᠰᠢᠭᠤᠷ ᠵᠢᠩ ᠳᠤ ᠬᠦᠷᠴᠦ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠷᠠᠲᠤ ᠰᠢᠯᠢᠳᠡᠭ ᠣᠨᠴᠠ | ᠰᠢᠨ᠎ᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠦᠭᠦ ᠤᠯᠤᠰ ᠲᠤ | ᠲᠦᠷᠦᠭᠦᠯᠡᠪᠡ᠃ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ | ᠠᠬᠤᠢ ᠶᠢ ᠶᠡᠭᠡ ᠪᠠᠷ ᠬᠥᠭᠵᠢᠭᠦᠯᠵᠦ᠂ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠶᠢᠨ ᠦᠢᠯᠡᠰ᠂ ᠲᠥᠮᠥᠰᠥ ᠶᠢᠨ ᠤᠯᠤᠰ ᠤᠨ ᠲᠡᠰ ᠤᠨ | 2 ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠡᠰ ᠤᠨ 3 ᠣᠳᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ᠂ 1.5 ᠲᠦᠮᠡᠨ ᠮᠥᠬᠦᠯᠢᠭ ᠰᠠᠨᠰᠠᠷ ᠤᠨ ᠲᠥᠮᠥᠰᠥ ᠶᠢᠨ ᠦᠷ᠎ᠡ ᠶᠢ ᠲᠤᠷᠰᠢᠨ ᠲᠠᠷᠢᠵᠤ᠂ ᠪᠦᠭᠦ | ᠤᠯᠤᠰ ᠤᠨ ᠠᠩᠬᠠᠳᠠᠭᠴᠢ ᠰᠦ ᠶᠢᠨ ᠦᠢᠯᠡᠰ ᠤᠨ ᠪᠥᠭᠡᠮ ᠲᠠᠸᠠᠷ ᠤᠨ ᠠᠷᠠᠯᠵᠢᠶᠠᠨ ᠤ ᠲᠠᠪᠴᠠᠩ ᠢ ᠡᠬᠢᠯᠡᠨ | ᠠᠵᠢᠯᠯᠠᠭᠤᠯᠵᠤ᠂ ᠢᠯᠢ᠂ ᠮᠧᠩ ᠨᠢᠦ ᠶᠢᠨ ᠡᠵᠡᠩᠨᠡᠯᠲᠡ ᠶᠢᠨ ᠣᠷᠣᠯᠭ᠎ᠠ ᠲᠤᠰ ᠲᠤᠰ ᠪᠦᠭᠦ ᠪᠥᠮᠪᠥᠷᠴᠡᠭ ᠤᠨ | ᠰᠦ ᠶᠢᠨ ᠠᠵᠤ ᠠᠬᠤᠶᠢᠯᠠᠯ ᠤᠨ 5 ᠳ᠋ᠤᠭᠠᠷ ᠪᠠ 8 ᠳ᠋ᠤᠭᠠᠷ ᠲᠤ ᠣᠷᠣᠪᠠ᠃ | ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ | ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ᠨᠡᠭᠡᠭᠡᠯᠲᠡᠲᠤ ᠬᠥᠭᠵᠢᠯᠲᠡ ᠶᠢᠨ ᠦᠵᠡᠯ ᠤᠬᠠᠮᠰᠠᠷ ᠢ ᠦᠨᠡᠨ ᠬᠦ | ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ ᠲᠠᠶᠢᠴᠢᠯᠠᠨ ᠨᠥᠯᠥᠭᠡᠯᠡᠭᠰᠡᠨ᠂ | ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ | ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠪᠠ᠃ 2023 | ᠣᠨ ᠳᠤ ᠳᠣᠲᠣᠭᠠᠳᠤ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠪᠡᠭᠡᠵᠢᠩ ᠬᠤᠲᠠ ᠯᠤᠭ᠎ᠠ ᠪᠦᠭᠦ ᠲᠠᠯ᠎ᠠ ᠶᠢᠨ | ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ | ᠭᠦᠨᠵᠡᠭᠡᠶᠢᠷᠡᠵᠦ᠂ ᠣᠷᠣᠭᠤᠯᠤᠨ ᠠᠪᠴᠢᠷᠠᠭᠰᠠᠨ ᠪᠡᠯᠡ ᠮᠥᠩᠭᠦ 40.2% ᠢᠶᠠᠷ ᠨᠡᠮᠡᠭᠳᠡᠪᠡ︔ ᠭᠠᠳᠠᠭᠠᠳᠤ | ᠨᠡᠭᠡᠭᠡᠯᠲᠡ ᠰᠢᠨ᠎ᠡ ᠠᠬᠢᠴᠠ ᠲᠠᠢ ᠪᠣᠯᠵᠤ᠂ ᠪᠦᠭᠦ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 | ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ | ᠰᠢᠨᠡᠳᠬᠡᠵᠦ᠂ ᠨᠠᠭᠠᠰᠢ ᠴᠠᠭᠠᠰᠢ ᠶᠠᠪᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 429 | ᠴᠤᠪᠤᠭ᠎ᠠ ᠳᠤ ᠬᠦᠷᠴᠦ᠂ 73.7% ᠪᠠᠷ ᠨᠡᠮᠡᠭᠳᠡᠵᠦ᠂ ᠮᠠᠰᠢᠨ ᠴᠠᠭᠢᠯᠭᠠᠨ ᠤ ᠦᠢᠯᠡᠳᠬᠦᠨ ᠤ ᠭᠠᠳᠠᠭᠠᠳᠤ | ᠭᠠᠷᠭᠠᠯᠲᠠ 118.9% ᠪᠠᠷ ᠨᠡᠮᠡᠭᠳᠡᠵᠦ᠂ ᠴᠠᠭᠢᠯᠭᠠᠨ ᠭᠦᠳᠡᠯᠭᠡᠭᠦᠷᠲᠦ ᠬᠥᠮᠥᠨ ᠰᠠᠭᠤᠯᠭᠠᠭᠰᠠᠨ ᠮᠠᠰᠢᠨ ᠲᠡᠷᠭᠡ | ᠵᠡᠷᠭᠡ ︽ᠰᠢᠨ᠎ᠡ ᠭᠤᠷᠪᠠᠨ ᠵᠦᠢᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠭᠢᠨ ᠨᠡᠮᠡᠭᠳᠡᠪᠡ᠃ | ᠮᠠᠨᠵᠤᠤᠷ ᠪᠣᠭᠤᠮᠲᠠ ᠶᠢᠨ ᠳᠤᠮᠳᠠᠳᠤ ᠣᠷᠣᠰ ᠤᠨ ᠪᠦᠯᠭᠦᠮ ᠤᠨ ᠵᠢᠭᠤᠯᠴᠢᠯᠠᠯ ᠤᠨ ᠸᠢᠰᠠ ᠶᠢ ᠬᠠᠷᠢᠯᠴᠠᠨ | ᠬᠡᠯᠲᠦᠷᠢᠭᠦᠯᠵᠦ᠂ ᠡᠷᠢᠶᠡᠨ ᠬᠤᠲᠠ ᠵᠡᠷᠭᠡ 5 ᠪᠣᠭᠤᠮᠲᠠ ᠶᠢᠨ 8 ᠰᠠᠭᠤᠳᠠᠯ ᠠᠴᠠ ᠳᠣᠷᠣᠭᠰᠢᠬᠢ ᠵᠢᠵᠢᠭ | ᠭᠡᠯᠪᠡᠷᠢ ᠶᠢᠨ ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠪᠦᠭᠦ ᠲᠠᠯ᠎ᠠ ᠪᠠᠷ ᠰᠡᠷᠭᠦᠭᠡᠵᠦ᠂ ᠬᠢᠯᠢ ᠶᠢᠨ | ᠠᠷᠠᠳ ᠤᠨ ᠵᠠᠬ᠎ᠠ ᠶᠢᠨ ᠠᠷᠠᠯᠵᠢᠶ᠎ᠠ ᠥᠷᠨᠢᠨ ᠬᠥᠭᠵᠢᠪᠡ᠃ ᠳᠤᠮᠳᠠᠳᠤ ᠤᠯᠤᠰ ︵ᠥᠪᠥᠷ ᠮᠣᠩᠭᠤᠯ︶ ᠤᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ | ᠭᠤᠣᠯᠳᠠᠯᠭ᠎ᠠ ᠲᠠᠢ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢᠨ ᠲᠠᠰ ᠢ | ᠳᠡᠭᠡᠭᠰᠢᠯᠡᠭᠦᠯᠭᠦ᠂ ᠳᠣᠲᠣᠷ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢᠨ | ᠲᠣᠭᠤᠷᠢᠨ ᠳᠤ ᠨᠢᠭᠡ ᠪᠦᠯᠦᠭ ᠥᠭᠡᠷᠡᠴᠢᠯᠡᠯᠲᠡ ᠪᠠ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ | ᠪᠣᠯᠣᠨ ᠵᠢᠳᠬᠦᠯ ᠴᠢᠷᠮᠠᠶᠢᠯᠭ᠎ᠠ ᠶᠢ ᠨᠠᠩ ᠰᠠᠶᠢᠲᠤᠷ ᠢᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ | ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠶᠢᠨ ᠵᠡᠷᠭᠡ ᠪᠠᠷ᠂ ᠨᠠᠮ ᠤᠨ ᠪᠠᠶᠢᠭᠤᠯᠤᠯᠲᠠ᠂ | ᠠᠷᠠᠳᠴᠢᠯᠠᠯ ᠬᠠᠤᠯᠢᠵᠢᠯ᠂ ᠠᠷᠠᠳ ᠤᠨ ᠠᠮᠢᠳᠤᠷᠠᠯ ᠪᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠵᠡᠷᠭᠡ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠤ ᠠᠯᠲᠠᠨ ᠦᠰᠦᠭᠲᠦ ᠫᠠᠶᠢᠰᠠ ᠶᠢ ᠨᠠᠩ ᠠᠯᠳᠠᠷᠰᠢᠭᠤᠯᠤᠨ ᠳᠠᠭᠤᠷᠢᠰᠤᠭᠤᠯᠬᠤ ᠪᠠᠷ ᠴᠢᠷᠮᠠᠶᠢᠪᠠ᠃ | ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠭᠦᠷᠳᠡᠯ᠎ᠡ ᠦᠷᠭᠦᠯᠵᠢᠯᠡᠭᠦᠯᠵᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾ ᠬᠥᠮᠥᠰ ᠤᠨ | ᠰᠡᠳᠬᠢᠯ ᠳᠤ ᠭᠦᠨ ᠬᠠᠳᠠᠩᠰᠢᠵᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠠᠭᠠᠨ | ᠡᠷᠡᠯᠬᠡᠭᠯᠡᠨ ᠤᠷᠤᠭᠰᠢᠯᠠᠬᠤ ᠨᠢ ᠤᠮᠠᠷᠠᠲᠤ ᠬᠢᠯᠢ ᠶᠢᠨ ᠡᠬᠡ ᠭᠠᠵᠠᠷ ᠤᠨ ᠬᠠᠮᠤᠭ ᠤᠨ ᠬᠦᠴᠦᠷᠬᠡᠭ ᠳᠠᠭᠤᠨ ᠪᠣᠯᠪᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠵᠡᠨ ᠬᠥᠮᠥᠨ ᠤ ᠦᠵᠡᠯ ᠤᠬᠠᠮᠰᠠᠷ ᠢ ᠬᠦᠴᠦᠯᠡᠨ ᠬᠥᠭᠵᠢᠭᠡᠵᠦ᠂ | ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠢᠶᠠᠷ ᠱᠠᠩᠨᠠᠨ ᠨᠥᠬᠦᠪᠦᠷᠢ ᠥᠭᠬᠦ᠂ | ᠭᠦᠳᠡᠯᠮᠦᠷᠢ ᠦᠢᠯᠡᠴᠢᠯᠡᠭᠡ ᠪᠠᠷ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ | ᠥᠷᠭᠡᠨ ᠣᠯᠠᠨ ᠲᠦᠮᠡᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ | ᠣᠷᠤᠯᠴᠠᠬᠤ ᠶᠢ ᠬᠥᠲᠥᠯᠥᠨ ᠵᠢᠯᠤᠭᠤᠳᠴᠤ᠂ ︽ᠠᠵᠢᠯ ᠶᠠᠪᠤᠳᠠᠯ ᠪᠠᠶᠢᠪᠠᠯ ᠬᠠᠮᠲᠤ ᠪᠠᠷ ᠬᠢᠵᠦ᠂ ᠬᠦᠴᠢᠷᠳᠡᠯ ᠲᠠᠢ | ᠪᠣᠯ ᠬᠠᠮᠲᠤ ᠪᠠᠷ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠶᠢ ᠪᠦᠭᠦ ᠣᠷᠣᠨ ᠤ | ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠲᠠᠨᠢᠯᠲᠠ ᠪᠣᠯᠭᠠᠪᠠ᠃ ᠦᠨᠳᠦᠰᠦᠲᠡᠨ ᠨᠥᠬᠦᠳ ᠤᠨ ᠣᠯᠠᠨ | ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ | ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠪᠡᠭᠡᠵᠢᠩ | ᠬᠤᠲᠠ ᠶᠢᠨ 358 ᠰᠤᠷᠭᠠᠭᠤᠯᠢ᠂ 276 ᠡᠮᠨᠡᠯᠭᠡ ᠶᠢᠨ ᠬᠤᠷᠢᠶ᠎ᠠ ᠲᠠᠢ ᠬᠠᠪᠰᠤᠷᠤᠯᠴᠠᠭ᠎ᠠ ᠪᠠᠶᠢᠭᠤᠯᠬᠤ ᠬᠠᠷᠢᠴᠠᠭ᠎ᠠ | ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ | ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠶᠢ ᠠᠰᠢᠭᠯᠠᠯᠲᠠ ᠳᠤ | ᠣᠷᠣᠭᠤᠯᠵᠤ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ︵ᠲᠥᠪ᠂ | ᠥᠷᠲᠡᠭᠡ︶ ᠶᠢ 7000 ᠭᠠᠷᠤᠢ ᠪᠠᠶᠢᠭᠤᠯᠵᠤ ᠳᠠᠭᠤᠰᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ | ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ | ᠬᠢᠴᠢᠶᠡᠯ ᠲᠦᠷᠦᠯ ᠳᠤ ᠠᠩᠬ᠎ᠠ ᠤᠳᠠᠭ᠎ᠠ ︽ᠠᠳᠠᠯᠢᠬᠠᠨ ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠪᠡ᠃ | ᠳᠤᠯᠠᠭᠠᠯᠭ᠎ᠠ ᠶᠢᠨ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ ᠳᠤᠯᠠᠭᠠᠯᠭ᠎ᠠ ᠶᠢᠨ ᠥᠭᠡᠷᠡᠴᠢᠯᠡᠯᠲᠡ ᠶᠢᠨ | 880 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ | ᠪᠠᠶᠢᠭ᠎ᠠ ᠳᠤᠯᠠᠭᠠᠯᠭ᠎ᠠ ᠶᠢᠨ ᠠᠰᠠᠭᠤᠳᠠᠯ ᠢ ᠵᠣᠷᠢᠭ ᠰᠢᠭᠤᠳᠤᠨ ᠲᠦᠢᠯᠪᠤᠷᠢᠲᠠᠢ ᠰᠢᠢᠳᠪᠦᠷᠢᠯᠡᠵᠦ᠂ ᠦᠨᠳᠦᠰᠦᠨ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ | ᠪᠤᠶᠤ ᠲᠡᠭᠦᠨ ᠠᠴᠠ ᠳᠠᠪᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ | ᠴᠢᠨᠠᠭᠰᠢᠳᠠ ᠳᠡᠭᠡᠭᠰᠢᠯᠡᠭᠦᠯᠪᠡ᠃ ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ | ᠰᠠᠭᠤᠷᠢ ᠲᠥᠬᠦᠭᠡᠷᠦᠮᠵᠢ ᠲᠦᠷᠭᠡᠨ ᠰᠠᠶᠢᠵᠢᠷᠠᠵᠤ᠂ 2023 ᠣᠨ ᠳᠤ 20 ᠬᠢᠯᠢ ᠶᠢᠨ ᠬᠤᠰᠢᠭᠤ ᠬᠤᠳᠠ ᠶᠢᠨ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠳᠡᠭᠡᠷ᠎ᠡ ᠵᠢᠯ ᠤᠨ ᠬᠢ ᠠᠴᠠ 100 ᠳ᠋ᠦᠩᠰᠢᠭᠤᠷ | ᠲᠥᠭᠦᠷᠢᠭ ᠰᠢᠬᠠᠮ ᠨᠡᠮᠡᠭᠳᠡᠪᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ | ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ ᠠᠵᠤ ᠠᠬᠤᠶᠢᠯᠠᠯ ᠳᠤ ᠪᠦᠭᠦ ᠬᠦᠴᠦᠨ ᠢᠶᠠᠷ ᠢᠶᠠᠨ | ᠰᠠᠶᠢᠲᠤᠷ ᠦᠢᠯᠡᠴᠢᠯᠡᠵᠦ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠥᠪᠥᠷ | ᠮᠣᠩᠭᠤᠯ ᠳᠤ ᠨᠤᠲᠤᠭᠰᠢᠨ᠂ ᠠᠷᠠᠯᠵᠢᠶᠠᠴᠢᠨ ᠤ ᠤᠷᠮ᠎ᠠ ᠶᠢ ᠨᠢᠭᠲᠠᠷᠠᠭᠤᠯᠵᠤ᠂ ᠬᠥᠮᠥᠰ ᠤᠨ ᠠᠩᠬᠠᠷᠤᠯ ᠢ | ᠲᠠᠲᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠦᠷᠭᠡᠨ ᠪᠦᠷᠢᠯᠳᠦᠭᠦᠯᠪᠡ᠃ | ᠡᠭᠦᠨ ᠤ ᠵᠡᠷᠭᠡ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ ᠤᠯᠤᠰ ᠤᠨ ᠪᠠᠶᠢᠯᠳᠤᠬᠤ | ᠪᠣᠳᠣᠯᠭ᠎ᠠ ᠵᠢᠴᠢ ᠤᠯᠤᠰ ᠠᠴᠠ ᠬᠠᠷᠠᠬᠠᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ | ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃ 2023 ᠣᠨ ᠳᠤ᠂ | ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠬᠥᠮᠥᠨ | ᠳᠤᠮᠳᠠᠴᠢ ᠪᠠᠷ 10 ᠲᠦᠮᠡᠨ ᠲᠥᠭᠦᠷᠢᠭ ᠢ ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19. | 8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9.2% ᠢᠶᠠᠷ ᠨᠡᠮᠡᠭᠳᠡᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ | 5.1%᠂ 8% ᠪᠠᠷ ᠨᠡᠮᠡᠭᠳᠡᠵᠦ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ | ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠪᠠ᠃ 2024 ᠣᠨ ᠤ ᠲᠦᠷᠦᠭᠦᠦ 5 ᠰᠠᠷ᠎ᠠ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.6% ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ | ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠨ | ᠲᠠᠪᠰᠢᠬᠤ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ | ᠪᠦᠲᠦᠴᠡ ᠳᠤ ᠲᠣᠬᠢᠷᠠᠭᠤᠯᠤᠯᠲᠠ ᠬᠢᠵᠦ ᠦᠵᠡᠯᠲᠡ ᠲᠠᠨᠢᠯᠲᠠ ᠪᠠᠨ ᠬᠤᠪᠢᠷᠠᠭᠤᠯᠵᠤ ᠰᠤᠷᠲᠠᠯ ᠢᠶᠠᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠠᠭᠠᠵᠢᠮ ᠢᠶᠠᠷ ᠢᠯᠡᠷᠡᠪᠡ | ᠤᠷᠳᠤ ᠬᠤᠭᠤᠴᠠᠭᠠᠨ ᠳᠤ ᠬᠤᠷᠠᠮᠳᠤᠵᠤ ᠪᠦᠷᠢᠯᠳᠦᠭᠰᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠴᠢᠨᠠᠷ | ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠯᠤᠭ᠎ᠠ ᠵᠣᠬᠢᠴᠠᠬᠤ ᠦᠭᠡᠢ ᠪᠦᠲᠦᠴᠡ᠂ ᠦᠵᠡᠯᠲᠡ᠂ ᠰᠤᠷᠲᠠᠯ ᠤᠨ | ᠠᠰᠠᠭᠤᠳᠠᠯ ᠳᠤ ᠴᠢᠭᠯᠡᠭᠦᠯᠦᠨ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠴᠢᠨᠠᠭᠰᠢᠳᠠ ᠦᠵᠡᠯ ᠰᠠᠨᠠᠭ᠎ᠠ ᠪᠠᠨ | ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ᠲᠡᠷᠢᠭᠦᠨ ᠤ ᠬᠢ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠶᠡᠭᠡ | ᠬᠦᠴᠦ ᠣᠷᠣᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠦᠭᠦ ᠣᠷᠣᠨ ᠤ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ | ᠣᠶᠤᠨ ᠰᠠᠨᠠᠭᠠᠨ ᠤ ᠳᠦᠷᠰᠦ ᠪᠠᠶᠢᠳᠠᠯ ᠢᠯᠡᠳᠲᠡ ᠬᠤᠪᠢᠷᠠᠵᠤ᠂ ᠶᠠᠭ ᠬᠥᠭᠵᠢᠯᠲᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠴᠢᠬᠤᠯᠠᠴᠢᠯᠠᠬᠤ᠂ ᠠᠵᠢᠯ ᠬᠢᠬᠦ ᠳᠡᠭᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯ | ᠬᠢᠬᠦ ᠶᠢ ᠡᠷᠭᠢᠮᠯᠡᠭᠦ ᠰᠠᠶᠢᠨ ᠰᠠᠶᠢᠬᠠᠨ ᠣᠷᠴᠢᠯ ᠳᠤ ᠣᠷᠣᠵᠤ ᠪᠠᠶᠢᠨ᠎ᠠ᠃ | ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠪᠠᠶᠢᠳᠠᠯ ᠢ ᠲᠦᠷᠭᠡᠨ ᠬᠤᠪᠢᠷᠠᠭᠤᠯᠪᠠ᠃ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠪᠠᠷ ᠭᠤᠣᠯᠳᠠᠭᠤᠯᠵᠤ᠂ ︽ᠨᠡᠭᠦᠷᠡᠰᠦ ᠨᠢ | ᠡᠬᠢᠨ ᠳᠤ ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ︾᠂ ︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ | ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ ᠪᠠᠶᠢᠬᠤ︾ ᠪᠦᠭᠦ ᠬᠡᠯᠬᠢᠶ᠎ᠡ ᠳᠤ | ᠠᠩᠬᠠᠷᠤᠯ ᠢᠶᠠᠨ ᠬᠠᠨᠳᠤᠭᠤᠯᠵᠤ᠂ ᠨᠡᠭᠦᠷᠡᠰᠦ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠪᠠ᠃ ᠡᠬᠢ ᠪᠠᠶᠠᠯᠢᠭ ᠤᠨ ᠪᠤᠰᠤ ᠭᠡᠯᠪᠡᠷᠢ ᠶᠢᠨ ᠠᠵᠤ ᠦᠢᠯᠡᠰ ᠢ ᠶᠡᠭᠡ ᠪᠠᠷ | ᠪᠤᠶᠢᠵᠢᠭᠤᠯᠤᠨ ᠬᠥᠭᠵᠢᠭᠦᠯᠵᠦ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠨᠡᠭᠦᠷᠡᠰᠦᠨ ᠤ ᠪᠤᠰᠤ | ᠠᠵᠤ ᠦᠢᠯᠡᠰ 12.1% ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠠᠴᠠ ᠵᠠᠭᠤᠨ ᠤ ᠬᠠᠷᠢᠴᠠᠯ ᠢᠶᠠᠷ 10. | 7 ᠬᠤᠪᠢ ᠥᠨᠳᠥᠷ ᠪᠣᠯᠵᠤ᠂ ᠭᠠᠶᠢᠯᠢ ᠶᠢᠨ ᠣᠷᠣᠯᠭ᠎ᠠ 28.5% ᠪᠠᠷ ᠨᠡᠮᠡᠭᠳᠡᠵᠦ᠂ ᠪᠦᠭᠦ ᠰᠢᠰᠲ᠋ᠧᠮ ᠤᠨ | ᠭᠠᠶᠢᠯᠢ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 57.6% ᠪᠠᠶᠢᠵᠤ᠂ ᠪᠦᠭᠦ᠋ᠢᠯᠡ ᠠᠵᠢᠯ ᠲᠦᠷᠦᠯ ᠤᠨ | ᠭᠠᠶᠢᠯᠢ ᠳᠠᠬᠢ ᠡᠵᠡᠯᠡᠬᠦ ᠬᠤᠪᠢ ᠶᠢᠨ ᠵᠢᠩ 57.6% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠰᠢᠨ᠎ᠡ ᠬᠥᠳᠡᠯᠭᠡᠭᠦᠷ ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠲᠠᠢ ᠳᠠᠪᠠᠭᠤᠯᠢᠭ ᠲᠠᠢ᠂ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠪᠣᠯᠣᠮᠵᠢ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ | ᠲᠥᠪᠯᠡᠷᠡᠩᠭᠦᠢ ᠬᠦᠴᠦᠯᠡᠵᠦ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠡᠨᠧᠷᠭᠢ | ᠬᠠᠳᠠᠭᠠᠯᠠᠬᠤ ᠬᠢᠭᠡᠳ ᠣᠶᠤᠨᠴᠢ ᠴᠠᠭᠢᠯᠭᠠᠨ ᠲᠣᠣᠷ ᠤᠨ ᠮᠡᠷᠭᠡᠵᠢᠯ︾ ᠤᠨ ᠲᠥᠷᠥᠯ ᠵᠦᠢᠯ ᠢ ᠬᠡᠷᠡᠭᠵᠢᠭᠦᠯᠵᠦ᠂ | ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶ᠎ᠠ ᠶᠢᠨ ᠲᠣᠮᠣ ᠰᠢᠨᠵᠢᠯᠡᠬᠦ | ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯᠴᠢ ᠰᠠᠷᠠᠯᠵᠢ ᠶᠢᠨ ᠠᠵᠤ | ᠦᠢᠯᠡᠰᠵᠢᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ | ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ ᠶᠢ ᠪᠠᠷᠠᠭᠤᠨᠳᠠᠬᠢ ᠳ᠋ᠠᠶᠢᠲ᠋ᠠ ᠪᠠᠷ ᠲᠤᠯᠭᠠᠭᠤᠷᠢᠯᠠᠬᠤ︾ ᠳ᠋ᠠᠶᠢᠲ᠋ᠠ ᠶᠢᠨ | ᠲᠥᠪ ᠤᠨ ᠪᠦᠯᠦᠭᠵᠢᠯ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷ | ᠵᠡᠷᠭᠡ ᠲᠥᠷᠥᠯ ᠵᠦᠢᠯ ᠢ ᠬᠤᠶᠢᠨ᠎ᠠ ᠬᠤᠶᠢᠨ᠎ᠠ ᠠᠴᠠ ᠨᠢ ᠠᠰᠢᠭᠯᠠᠯᠲᠠ ᠳᠤ ᠣᠷᠣᠭᠤᠯᠵᠤ᠂ ᠢᠷᠡᠭᠡᠳᠦᠢ ᠶᠢᠨ ᠠᠵᠤ | ᠦᠢᠯᠡᠰ ᠲᠦᠷᠭᠡᠨ ᠪᠦᠷᠢᠯᠳᠦᠵᠦ ᠪᠠᠶᠢᠨ᠎ᠠ᠃ | ᠬᠠᠭᠤᠴᠢᠨ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠴᠢᠨᠠᠭᠰᠢᠳᠠ ᠡᠪᠳᠡᠪᠡ᠃ ︽ | ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠰᠤᠷᠤᠯᠴᠠᠨ | ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ | ︽ᠳᠣᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ ᠪᠢ ᠬᠥᠮᠥᠨ ᠢ ᠬᠦᠷᠬᠦ ᠦᠭᠡᠢ︾ ᠭᠡᠬᠦ | ᠣᠶᠢᠯᠠᠭᠠᠭᠳᠠᠬᠤᠨ ᠠᠴᠠ ᠲᠦᠷᠭᠡᠬᠡᠨ ᠰᠠᠯᠵᠤ᠂ ᠲᠡᠷᠢᠭᠦᠨ ᠤ ᠬᠢ ᠶᠢ ᠡᠭᠦᠳᠴᠦ᠂ ᠳᠠᠭᠤᠷᠢᠶᠠᠯ ᠪᠤᠯᠬᠤ ᠠᠤᠭ᠎ᠠ | ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ | ᠲᠦᠷᠭᠡᠳᠬᠡᠬᠦ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠪᠠ᠃ ︽ᠥᠩᠭᠡᠷᠡᠭᠰᠡᠨ ᠳᠤ ᠢᠩᠭᠢᠵᠦ ᠬᠢᠵᠦ | ᠪᠠᠶᠢᠭᠰᠠᠨ︾᠂ ︽ᠪᠣᠯᠪᠠᠰᠤᠷᠠᠩᠭᠤᠢ ᠵᠣᠷ ᠦᠭᠡᠢ ᠪᠣᠯ ᠡᠮ ᠥᠭᠬᠦ ᠠᠴᠠ ᠪᠣᠯᠭᠤᠮᠵᠢᠯᠠᠨ᠎ᠠ︾ ᠭᠡᠬᠦ ᠵᠡᠷᠭᠡ | ᠣᠶᠢᠯᠠᠭᠠᠭᠳᠠᠬᠤᠨ ᠠᠷᠭ᠎ᠠ ᠬᠢᠳᠡᠯ ᠢ ᠲᠠᠶᠠᠭᠳᠠᠵᠤ᠂ ᠡᠯ᠎ᠡ ᠱᠠᠲᠤᠨ ᠤ ᠬᠢᠨ ᠤ ︽ᠠᠯᠳᠠᠭ᠎ᠠ ᠪᠤᠷᠤᠭᠤ ᠪᠠᠨ | ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠬᠢᠵᠦ ᠪᠠᠶᠢᠬᠤ ᠶᠠᠪᠤᠳᠠᠯ ᠮᠥᠨ︾᠂ ︽ᠪᠠᠶᠢᠭᠤᠯᠤᠮᠵᠢ ᠲᠣᠭᠲᠠᠴᠠ ᠶᠢ | ᠰᠢᠯᠤᠭᠤᠳᠬᠠᠨ ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ | ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠬᠤ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯᠠᠭᠤᠯᠤᠲᠠ ᠶᠢ | ᠰᠢᠯᠢᠳᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠰᠤ ᠶᠢ ᠠᠷᠪᠢᠯᠠᠨ ᠬᠡᠷᠡᠭᠯᠡᠬᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ᠂ ᠲᠥᠪ ᠤᠨ ᠠᠵᠤ ᠠᠬᠤᠶᠢᠯᠠᠯ ᠲᠠᠢ | ᠬᠠᠮᠲᠤᠷᠠᠯᠴᠠᠬᠤ ᠵᠡᠷᠭᠡ ᠶᠢᠨ ᠲᠣᠭᠤᠷᠢᠨ ᠳᠤ 58 ᠵᠦᠢᠯ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ | ᠡᠭᠦᠳᠦᠭᠰᠡᠨ ᠡᠭᠦᠷᠭᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ | ᠪᠦᠯᠦᠭ ᠲᠦᠭᠵᠢᠷᠡᠯ ᠠᠰᠠᠭᠤᠳᠠᠯ ᠢ ᠲᠦᠷᠭᠡᠨ ᠰᠢᠢᠳᠪᠦᠷᠢᠯᠡᠪᠡ᠃ ︽ᠨᠢᠳᠦᠨ ᠡᠮᠦᠨᠡᠬᠢ ᠪᠠᠨ ᠬᠠᠷᠠᠭᠠᠳ ᠠᠯᠤᠰ | ᠬᠤᠯᠠ ᠶᠢ ᠬᠠᠷᠠᠬᠤ ᠦᠭᠡᠢ︾᠂ ︽ᠦᠢᠯᠡᠳᠪᠦᠷᠢᠯᠡᠬᠦ ᠶᠢ ᠴᠢᠬᠤᠯᠠᠴᠢᠯᠠᠵᠤ ᠡᠵᠡᠩᠨᠡᠬᠦ ᠶᠢ ᠬᠥᠩᠭᠡᠪᠴᠢᠯᠡᠬᠦ︾ ᠵᠡᠷᠭᠡ | ᠰᠡᠳᠬᠢᠬᠦᠢ ᠪᠠ ᠦᠵᠡᠯᠲᠡ ᠶᠢ ᠬᠦᠴᠦᠯᠡᠨ ᠬᠤᠪᠢᠷᠠᠭᠤᠯᠵᠤ᠂ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ | ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠬᠤᠬᠢᠷᠠᠯ ᠢ ᠪᠠᠭᠠᠰᠬᠠᠬᠤ ᠨᠢ ᠳᠠᠷᠤᠢ ᠤᠨᠠᠯᠲᠠ ᠶᠢ ᠨᠡᠮᠡᠭᠳᠡᠭᠦᠯᠵᠦ | ᠪᠠᠶᠢᠨ᠎ᠠ᠂ ᠬᠤᠷᠣᠭᠳᠠᠭᠤᠯᠤᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ︾ ᠭᠡᠬᠦ ᠤᠬᠠᠮᠰᠠᠷ ᠢ | ᠴᠢᠩᠭᠠᠳᠬᠠᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ | ᠬᠦᠷᠢᠶᠡᠨ ᠳᠤ ᠠᠷᠪᠢᠯᠠᠬᠤ ᠶᠢ ᠴᠢᠩᠭᠠᠳᠬᠠᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠤᠯᠤᠰ ᠲᠤ ᠡᠩ ᠲᠡᠷᠢᠭᠦᠨ ᠳᠤ ᠮᠤᠵᠢ ᠶᠢᠨ ᠲᠡᠰ ᠤᠨ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠣᠭᠲᠠᠭᠠᠵᠤ | ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠷᠤᠳᠠᠯ ᠤᠨ | ᠲᠤᠭ᠎ᠠ ᠬᠡᠮᠵᠢᠶ᠎ᠡ ᠶᠢ ᠲᠣᠭᠲᠠᠭᠠᠵᠤ᠂ 2023 ᠣᠨ ᠳᠤ ᠪᠦᠭᠦ ᠣᠷᠣᠨ ᠤ ᠬᠡᠪᠴᠢᠶᠡᠨ ᠳᠤ 14.75 ᠲᠦᠮᠡᠨ | ᠮᠦ ᠶᠢᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ 22 ᠳ᠋ᠦᠩᠰᠢᠭᠤᠷ | ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ | ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ | ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ ᠠᠩᠬ᠎ᠠ ᠤᠳᠠᠭ᠎ᠠ ᠪᠦᠭᠦ ᠤᠯᠤᠰ ᠤᠨ ᠳᠤᠮᠳᠠᠴᠢ | ᠲᠦᠪᠰᠢᠨ ᠠᠴᠠ ᠥᠨᠳᠥᠷ ᠪᠣᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ︽ᠶᠡᠭᠡ ᠤᠰᠤ ᠪᠠᠷ | ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠵᠤ᠂ | ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ ᠵᠢᠯ ᠤᠨ ᠬᠢ ᠠᠴᠠ 45% ᠪᠠᠷ | ᠪᠠᠭᠠᠰᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ | ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠠᠷ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠨᠡᠩ | ᠲᠡᠭᠦᠯᠳᠡᠷ ᠪᠣᠯᠪᠠ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠢ | ᠴᠡᠭᠴᠡᠯᠡᠨ ᠵᠠᠰᠠᠬᠤ 20 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠠᠷᠢᠮᠵᠢᠶ᠎ᠠ ᠶᠢ | ᠳᠡᠭᠡᠭᠰᠢᠯᠡᠭᠦᠯᠭᠦ᠂ ᠬᠤᠷᠳᠤᠴᠠ ᠶᠢ ᠳᠡᠭᠡᠭᠰᠢᠯᠡᠭᠦᠯᠭᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ | ᠠᠵᠢᠯᠯᠠᠭ᠎ᠠ ᠶᠢ ᠥᠷᠨᠢᠭᠦᠯᠦᠨ᠂ ᠡᠯ᠎ᠡ ᠱᠠᠲᠤᠨ ᠤ ᠬᠢᠨ ᠤ ︽ᠶᠠᠪᠤᠳᠠᠯ ᠢ ᠰᠢᠢᠳᠪᠦᠷᠢᠯᠡᠬᠦ ᠰᠡᠳᠬᠢᠬᠦᠢ︾ ︽ | ᠶᠠᠪᠤᠳᠠᠯ ᠢ ᠰᠠᠶᠢᠲᠤᠷ ᠰᠢᠢᠳᠪᠦᠷᠢᠯᠡᠬᠦ ᠰᠡᠳᠬᠢᠬᠦᠢ︾ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ | ᠬᠦᠴᠢᠷᠳᠡᠯ ᠢ ᠢᠯᠡᠨ ᠳᠠᠪᠠᠭ᠋ᠤ ᠶᠢ ᠠᠬᠢᠭᠤᠯᠵᠤ᠂ ᠠᠵᠢᠯ ᠤᠨ ᠳᠤᠮᠳᠠᠬᠢ ︽ᠤᠳᠠᠭᠠᠨ᠂ ᠪᠦᠳᠦᠭᠦᠯᠢᠭ᠂ ᠬᠡᠶᠢᠰᠪᠦᠷᠢ︾ | ᠵᠡᠷᠭᠡ ᠦᠵᠡᠭᠳᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ | ᠭᠦᠢᠴᠡᠳᠬᠡᠬᠦ︾ ᠶᠢᠨ ᠲᠣᠭᠤᠷᠢᠨ ᠳᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠱᠤᠭᠤᠮ︾ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳᠦᠷ ᠲᠤ ︽ᠡᠭᠦᠳᠡ ᠪᠠᠨ ᠬᠠᠭᠠᠬᠤ ᠦᠭᠡᠢ︾᠂ ᠭᠠᠷᠠᠭ ᠤᠨ | ᠰᠡᠭᠦᠯᠴᠢ ᠳᠤ ︽ᠦᠢᠯᠡᠴᠢᠯᠡᠭᠡ ᠪᠠᠨ ᠲᠠᠰᠤᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠯ᠎ᠡ | ᠱᠠᠲᠤᠨ ᠤ ᠬᠢᠨ ᠤ ᠠᠵᠤ ᠠᠬᠤᠶᠢᠯᠠᠯ ᠸᠠ ᠣᠯᠠᠨ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠡᠭᠡ ᠪᠠᠷ | ᠳᠡᠭᠡᠭᠰᠢᠯᠡᠪᠡ᠃ ᠵᠠᠬ᠎ᠠ ᠳᠡᠯᠭᠡᠭᠦᠷ ᠤᠨ ᠰᠡᠳᠬᠢᠬᠦᠢ ᠪᠠ ᠨᠠᠷᠢᠨ ᠳᠠᠩᠰᠠ ᠪᠤᠳᠤᠬᠤ ᠤᠬᠠᠮᠰᠠᠷ ᠢ ᠴᠢᠩᠭᠠᠳᠬᠠᠨ᠂ | ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ ᠴᠠᠭ ᠦᠶ᠎ᠡ ᠲᠠᠢ ᠵᠡᠷᠭᠡ ᠪᠠᠷ | ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ | ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ | ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠦᠷᠲᠡᠭ ᠢ ᠪᠠᠭᠤᠷᠠᠭᠤᠯᠵᠤ᠂ ᠨᠠᠮ | ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠨᠢᠭᠡ ᠬᠤᠪᠢ ᠡᠬᠢ | ᠪᠠᠶᠠᠯᠢᠭ ᠪᠠ ᠨᠢᠭᠡ ᠮᠥᠩᠭᠦ ᠵᠣᠭᠤᠰ ᠢ ᠴᠥᠮ ᠬᠠᠮᠤᠭ ᠤᠨ ᠶᠡᠭᠡ ᠦᠷ᠎ᠡ ᠠᠰᠢᠭ ᠲᠠᠢ ᠪᠣᠯᠭᠠᠵᠠᠢ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠨᠢᠭᠡ ᠠᠴᠠ | ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠴᠢᠩᠭᠠᠳᠬᠠᠨ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ ᠵᠠᠰᠠᠵᠤ᠂ 1+1+1> | 3 ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠴᠡᠭᠴᠡᠯᠡᠨ ᠡᠮᠬᠢᠳᠬᠡᠭᠰᠡᠨ ᠡᠬᠡ ᠳᠠᠩᠰᠠ 3/4 ᠰᠢᠬᠠᠮ ᠪᠠᠶᠢᠵᠤ᠂ ᠬᠤᠰᠢᠭᠤ ᠰᠢᠶᠠᠨ ᠭᠦᠷᠲᠡᠯ᠎ᠡ ᠬᠤᠷᠠᠯᠳᠤᠭᠤᠯᠬᠤ | ᠬᠤᠷᠠᠯ 1/2 ᠰᠢᠬᠠᠮ ᠪᠠᠭᠠᠰᠴᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ | 373 ᠵᠦᠢᠯ ᠪᠠᠶᠢᠭᠰᠠᠨ ᠢ 148 ᠵᠦᠢᠯ ᠪᠣᠯᠭᠠᠨ ᠰᠢᠯᠢᠳᠡᠭᠵᠢᠭᠦᠯᠵᠦ᠂ ︽ᠰᠠᠭᠤᠷᠢ ᠳ᠋ᠠᠶᠢᠲ᠋ᠠ ᠶᠢᠨ ᠬᠥᠮᠥᠷᠭᠡ︾ | ᠪᠣᠯᠣᠨ ︽ᠪᠦᠷᠢᠨ ᠴᠢᠳᠠᠮᠵᠢᠲᠤ ᠬᠦᠰᠦᠨᠦᠭᠲᠦ︾ ᠵᠡᠷᠭᠡ ᠬᠡᠷᠡᠭᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ | ᠦᠨᠳᠦᠰᠦᠨ ᠱᠠᠲᠤᠨ ᠤ ᠬᠦᠰᠦᠨᠦᠭᠲᠦ ᠲᠠᠭᠯᠠᠬᠤ ᠠᠵᠢᠯ ᠤᠯᠠᠨ ᠵᠡᠷᠭᠡ ᠠᠰᠠᠭᠤᠳᠠᠯ ᠢ ᠰᠢᠢᠳᠪᠦᠷᠢᠯᠡᠵᠦ᠂ | ᠺᠠᠳ᠋ᠷᠴᠤᠳ ᠨᠡᠩ ᠣᠯᠠᠨ ᠴᠠᠭ ᠪᠣᠯᠣᠨ ᠣᠶᠤᠨ ᠴᠢᠳᠠᠯ ᠢᠶᠠᠨ ᠵᠠᠷᠤᠴᠠᠭᠤᠯᠤᠨ ᠣᠯᠠᠨ ᠲᠦᠮᠡᠨ ᠳᠤ ᠪᠣᠳᠠᠲᠤ ᠶᠠᠪᠤᠳᠠᠯ | ᠬᠢᠵᠦ ᠥᠭᠴᠦ ᠳᠡᠶᠢᠯᠭᠦ ᠪᠣᠯᠵᠠᠢ᠃ ︽ᠠᠯᠢᠪᠠ ᠪᠦᠭᠦᠨ ᠳᠤ ᠦᠷ᠎ᠡ ᠳ᠋ᠦᠩ ᠢ ᠦᠵᠡᠬᠦ᠂ ᠪᠣᠳᠠᠲᠤ ᠦᠷ᠎ᠡ | ᠪᠦᠲᠦᠮᠵᠢ ᠪᠠᠷ ᠦᠨᠡᠯᠡᠬᠦ︾ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠵᠥᠪ ᠴᠢᠭᠯᠡᠯ ᠢᠶᠠᠷ ᠵᠣᠷᠢᠭᠵᠢᠭᠤᠯᠬᠤ | 12 ᠵᠦᠢᠯ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ | ᠵᠠᠯᠠᠷᠠᠭᠤᠯᠬᠤ 8 ᠵᠦᠢᠯ ᠤᠨ ᠰᠠᠨᠠᠯ ᠢ ᠭᠦᠨᠵᠡᠭᠡᠢ ᠬᠡᠷᠡᠭᠵᠢᠭᠦᠯᠵᠦ᠂ ︽ᠬᠠᠷᠢᠭᠤᠴᠠᠯᠭ᠎ᠠ ᠡᠭᠦᠷᠭᠡᠯᠡᠵᠦ ᠵᠢᠳᠬᠦᠯ | ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ | ᠬᠤᠶᠠᠷ ᠵᠢᠯ ᠳᠠᠷᠠᠭᠠᠯᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ | ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ | ᠢᠯᠡᠭᠦᠬᠡᠨ ᠪᠣᠳᠣᠯᠬᠢᠯᠠᠬᠤ᠂ ᠠᠰᠠᠭᠤᠳᠠᠯ ᠢ ᠢᠯᠡᠭᠦᠬᠡᠨ ᠰᠤᠳᠤᠯᠬᠤ ᠶᠢ ᠠᠬᠢᠭᠤᠯᠵᠤ᠂ ᠳᠠᠩᠰᠠ ᠮᠡᠳᠡᠭᠦᠯᠬᠦ ᠤᠬᠠᠮᠰᠠᠷ᠂ | ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ ᠠᠵᠢᠯᠯᠠᠵᠤ᠂ | ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠵᠣᠭᠰᠣᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠵᠠᠢ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠲᠦᠢᠯ ᠢᠶᠠᠷ ᠬᠠᠯᠠᠮᠵᠢᠯᠠᠵᠤ᠂ ᠬᠦᠨᠳᠦ ᠬᠦᠰᠡᠯ | ᠨᠠᠶᠢᠳᠠᠯᠭ᠎ᠠ ᠲᠠᠯᠪᠢᠵᠤ ᠪᠤᠢ᠃ ᠪᠢᠳᠡ ᠡᠷᠬᠡᠪᠰᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ | ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠥᠪᠥᠷ ᠮᠣᠩᠭᠤᠯ ᠤᠨ | ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠠᠢ ᠠᠵᠢᠯ ᠪᠣᠳᠠᠲᠤ ᠠᠮᠵᠢᠯᠲᠠ ᠪᠠᠷ ᠢᠶᠠᠨ | ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ | ᠲᠤᠰᠢᠶᠠᠨ᠎ᠠ᠃ | ︵ᠤᠤᠯ ᠵᠣᠬᠢᠶᠠᠯ ᠢ 2024 ᠣᠨ ᠤ 7 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ | ᠦᠨᠳᠦᠰᠦᠲᠡᠨ ᠤ ᠰᠦᠯᠵᠢᠶ᠎ᠡ ᠳᠤ ᠨᠡᠶᠢᠲᠡᠯᠡᠪᠡ︶ | |