ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠳᠡᠭᠡᠳᠦ ᠬᠠᠭᠠᠰ ᠵᠢᠯ ᠳᠤ᠂ ᠥᠪᠥᠷ | ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ | ᠦᠷᠳᠡᠭ ᠠᠷᠠᠳ ᠤᠨ ᠵᠣᠭᠤᠰ ᠢᠶᠠᠷ 997.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 4.7 | ᠵᠠᠭᠤᠨ ᠤ ᠴᠡᠭ ᠢᠶᠠᠷ ᠥᠨᠳᠥᠷ ᠪᠣᠯᠵᠠᠢ᠃ ᠡᠭᠦᠨ ᠳᠤ᠂ ᠭᠠᠳᠠᠭᠠᠳᠤ ᠳᠤ ᠭᠠᠷᠭᠠᠭᠰᠠᠨ ᠦᠷᠲᠡᠭ ᠨᠢ 381.1 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.3% ᠪᠠᠷ ᠨᠡᠮᠡᠭᠳᠡᠪᠡ︔ | ᠭᠠᠳᠠᠭᠠᠳᠤ ᠠᠴᠠ ᠣᠷᠣᠭᠤᠯᠤᠭᠰᠠᠨ ᠨᠢ 616.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠭᠠᠳᠠᠭᠠᠳᠤ ᠳᠤ ᠭᠠᠷᠭᠠᠬᠤ ᠲᠠᠯ᠎ᠠ ᠪᠠᠷ᠂ ᠮᠠᠰᠢᠨ ᠴᠠᠬᠢᠯᠭᠠᠨ ᠤ ᠦᠢᠯᠡᠳᠬᠦᠨ ᠨᠢ ᠥᠪᠥᠷ | ᠮᠣᠩᠭᠤᠯ ᠤᠨ ᠭᠠᠳᠠᠭᠠᠳᠤ ᠳᠤ ᠭᠠᠷᠭᠠᠭᠰᠠᠨ ᠨᠢᠭᠡᠳᠦᠭᠡᠷ ᠲᠣᠮᠣ ᠲᠠᠸᠠᠷ ᠪᠣᠯᠣᠨ᠎ᠠ᠃ ᠳᠡᠭᠡᠳᠦ ᠬᠠᠭᠠᠰ ᠵᠢᠯ ᠳᠤ᠂ | ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠳᠤ ᠭᠠᠷᠭᠠᠭᠰᠠᠨ ᠦᠷᠲᠡᠭ ᠨᠢ | 128 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ | ᠪᠥᠬᠦ ᠣᠷᠣᠨ ᠤ ᠭᠠᠳᠠᠭᠠᠳᠤ ᠳᠤ ᠭᠠᠷᠭᠠᠭᠰᠠᠨ ᠥᠷᠲᠡᠭ ᠤᠨ 33.6% ᠶᠢ ᠡᠵᠡᠯᠡᠪᠡ᠃ ︽ᠭᠤᠷᠪᠠᠨ ᠰᠢᠨ᠎ᠡ | ᠲᠦᠷᠦᠯ︾ ︵ᠴᠠᠬᠢᠯᠭᠠᠨ ᠬᠥᠳᠡᠯᠭᠡᠭᠦᠷᠲᠦ ᠬᠥᠮᠥᠨ ᠠᠴᠢᠶᠠᠯᠠᠭᠰᠠᠨ ᠮᠠᠰᠢᠨ ᠲᠡᠷᠭᠡ᠂ ᠯᠢᠲ᠋ᠢ ᠢᠶᠤᠨ ᠤ ᠴᠠᠬᠢᠯᠭᠠᠨ | ᠬᠤᠷᠢᠶᠠᠭᠤᠷ᠂ ᠨᠡᠷᠡᠨ ᠡᠨᠧᠷᠭᠢ ᠶᠢᠨ ᠴᠡᠨᠡᠭ︶ ᠤᠨ ᠦᠢᠯᠡᠳᠬᠦᠨ ᠤ ᠭᠠᠳᠠᠭᠠᠳᠤ ᠳᠤ ᠭᠠᠷᠭᠠᠬᠤ ᠶᠢ ᠲᠦᠷᠦᠭᠦᠯᠡᠨ | ᠪᠡᠶᠡᠯᠡᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠦᠷᠭᠦᠯᠵᠢᠯᠡᠨ ᠬᠥᠭᠵᠢᠭᠡᠪᠡ᠃ ᠳᠡᠭᠡᠳᠦ | ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ | ᠭᠠᠳᠠᠭᠠᠳᠤ ᠳᠤ ᠭᠠᠷᠭᠠᠭᠰᠠᠨ ᠦᠷᠲᠡᠭ ᠨᠢ 18.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 75.7% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠳᠤ ᠭᠠᠷᠭᠠᠭᠰᠠᠨ | ᠥᠷᠲᠡᠭ ᠤᠨ 5% ᠶᠢ ᠡᠵᠡᠯᠡᠪᠡ᠃ ᠭᠠᠳᠠᠭᠠᠳᠤ ᠠᠴᠠ ᠣᠷᠣᠭᠤᠯᠬᠤ ᠲᠠᠯ᠎ᠠ ᠪᠠᠷ᠂ ᠳᠡᠭᠡᠳᠦ ᠬᠠᠭᠠᠰ ᠵᠢᠯ ᠳᠤ | ᠥᠪᠡᠷᠲᠡᠭᠡᠨ ᠵᠠᠰᠠᠬᠤ ᠣᠷᠣᠨ ᠤ ᠥᠷᠭᠡᠨ ᠬᠡᠷᠡᠭᠴᠡᠭᠡᠨ ᠤ ᠲᠠᠸᠠᠷ ᠤᠨ ᠭᠠᠳᠠᠭᠠᠳᠤ ᠠᠴᠠ ᠣᠷᠣᠭᠤᠯᠤᠭᠰᠠᠨ | ᠥᠷᠲᠡᠭ ᠤᠨ 487.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13. | 9% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠠᠴᠠ ᠣᠷᠣᠭᠤᠯᠤᠭᠰᠠᠨ ᠥᠷᠲᠡᠭ ᠤᠨ 79.1% ᠶᠢ ᠡᠵᠡᠯᠡᠪᠡ | ᠃ | ᠡᠵᠡᠩᠨᠡᠯᠲᠡ ᠶᠢᠨ ᠭᠤᠣᠯ ᠴᠣᠭᠴᠠ ᠶᠢᠨ ᠲᠠᠯ᠎ᠠ ᠪᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠦ ᠳᠤ ᠭᠠᠷᠭᠠᠭᠰᠠᠨ ᠬᠡᠪᠴᠢᠶ᠎ᠡ ᠲᠠᠰᠤᠷᠠᠯᠲᠠ ᠦᠭᠡᠢ ᠪᠤᠵᠠᠭᠠᠶᠢᠷᠠᠪᠠ᠃ | ᠳᠡᠭᠡᠳᠦ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠦ ᠳᠤ ᠭᠠᠷᠭᠠᠭᠰᠠᠨ ᠥᠷᠲᠡᠭ ᠨᠢ 773.7 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ 77. | 5% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.8 ᠵᠠᠭᠤᠨ ᠤ ᠴᠡᠭ ᠢᠶᠠᠷ ᠳᠡᠭᠡᠭᠰᠢᠯᠡᠵᠡᠢ᠃ | | ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠥᠷ ᠮᠣᠩᠭᠤᠯ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠤᠯᠤᠰ ᠤᠳ ᠤᠨ ᠬᠤᠭᠤᠷᠣᠨᠳᠣᠬᠢ ᠠᠷᠠᠯᠵᠢᠶᠠᠨ ᠤ ᠶᠠᠪᠤᠯᠴᠠᠭ᠎ᠠ ᠤᠯᠠᠮ ᠠᠴᠠ ᠤᠯᠠᠮ | ᠨᠢᠭᠲᠠ ᠪᠣᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠱᠤᠭᠤᠮ ᠤᠯᠠᠮ ᠠᠴᠠ ᠤᠯᠠᠮ | ᠨᠢᠭᠲᠠᠷᠠᠵᠤ᠂ ︽ᠨᠠᠶᠢᠵᠠ ᠶᠢᠨ ᠲᠣᠭᠤᠷᠢᠭ︾ ᠲᠠᠰᠤᠷᠠᠯᠳᠡ ᠦᠭᠡᠢ ᠥᠷᠭᠡᠵᠢᠪᠡ᠃ ᠳᠡᠭᠡᠳᠦ ᠬᠠᠭᠠᠰ ᠵᠢᠯ ᠳᠤ᠂ | ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠤᠯᠤᠰ ᠲᠠᠬᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 803.5 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1% ᠪᠠᠷ ᠨᠡᠮᠡᠭᠳᠡᠨ᠂ ᠪᠥᠬᠦ ᠣᠷᠣᠨ ᠤ | ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠤᠨ | 80.5% ᠶᠢ ᠡᠵᠡᠯᠡᠪᠡ᠃ | ᠬᠥᠬᠡᠬᠤᠲᠠ ᠪᠣᠭᠤᠮᠲᠠ ᠶᠢᠨ ᠵᠠᠳᠠᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠰᠢᠨ᠎ᠡ ᠪᠠᠷ | ᠪᠤᠢ ᠪᠣᠯᠤᠭᠰᠠᠨ ᠵᠠᠬ᠎ᠠ ᠳᠡᠯᠭᠡᠭᠦᠷ ᠢ ᠶᠡᠭᠡ ᠪᠠᠷ ᠨᠡᠭᠡᠭᠡᠨ ᠥᠷᠭᠡᠳᠬᠡᠵᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢᠨ ᠲᠠᠪᠴᠠᠩ ᠢ ᠪᠠᠶᠢᠭᠤᠯᠤᠨ᠂ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠠᠰᠤᠷᠠᠯᠲᠠ ᠦᠭᠡᠢ ᠬᠤᠷᠠᠮᠳᠤᠭᠤᠯᠤᠨ᠂ ᠳᠡᠭᠡᠳᠦ | ᠬᠠᠭᠠᠰ ᠵᠢᠯ ᠳᠤ ᠪᠥᠬᠦ ᠣᠷᠣᠨ ᠤ ᠭᠠᠳᠠᠭᠠᠳᠤ ᠠᠷᠠᠯᠵᠢᠶ᠎ᠠ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠪᠠ | ᠠᠮᠢᠵᠢᠷᠠᠯ ᠤᠨ ᠬᠦᠴᠦᠨ ᠲᠠᠢ ᠪᠣᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠦᠷᠢᠶ᠎ᠡ | ᠴᠠᠷᠠᠭ᠎ᠠ ᠳᠤ ᠴᠥᠮ ᠲᠣᠭᠲᠠᠭᠤᠨ ᠤ ᠳᠤᠮᠳᠠ ᠠᠬᠢᠯᠲᠠ ᠲᠠᠢ ᠪᠣᠯᠤᠭᠰᠠᠨ ᠪᠠᠶᠢᠨ᠎ᠠ᠃ ᠮᠠᠨ ᠤ ᠤᠯᠤᠰ ᠤᠨ ᠠᠵᠤ | ᠠᠬᠤᠢ ᠶᠢᠨ ᠦᠨᠳᠦᠰᠦᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠳᠠᠭᠠᠯᠳᠤᠨ᠂ ᠭᠠᠳᠠᠭᠠᠳᠤ | ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠭᠡᠨ ᠤ ᠳᠠᠪᠠᠭᠤᠯᠢᠭ ᠤᠯᠠᠮ ᠪᠠᠬᠢᠵᠢᠵᠦ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠ ᠰᠢᠨ᠎ᠡ ᠪᠠᠷ ᠪᠤᠢ ᠪᠣᠯᠤᠭᠰᠠᠨ ᠡᠵᠡᠩᠨᠡᠯᠲᠡ ᠶᠢᠨ ᠠᠵᠤ ᠪᠠᠶᠢᠳᠠᠯ ᠤᠨ ᠬᠥᠭᠵᠢᠯᠲᠡ ᠪᠠᠷ | ᠳᠡᠮᠵᠢᠨ᠂ ᠥᠪᠥᠷ ᠮᠣᠩᠭᠤᠯ ᠤᠨ ᠪᠥᠬᠦ ᠵᠢᠯ ᠤᠨ ᠭᠠᠳᠠᠭᠠᠳᠤ ᠠᠷᠠᠯᠵᠢᠶᠠᠨ ᠤ ︽ᠶᠠᠰᠤ ᠴᠢᠨᠠᠷ ᠢ ᠳᠡᠭᠡᠭᠰᠢᠯᠡᠭᠦᠯᠦᠨ | ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ︾ ᠪᠠᠶᠢᠳᠠᠯ ᠢ ᠪᠠᠲᠤᠯᠠᠬᠤ ᠪᠣᠯᠣᠮᠵᠢ ᠲᠠᠢ ᠪᠠᠶᠢᠨ᠎ᠠ᠃ | |