ᠼᠤᠤ ᡁᠢ ᠶᠦᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/19
    7 ᠰᠠᠷ᠎ᠠ ᠶᠢᠨ 17᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦ᠋᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠬᠤᠯᠪᠣᠭᠳᠠᠯ ᠪᠦᠬᠦᠢ ᠪᠠᠯᠭᠠᠰᠤ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠫᠢᠩᠵᠤᠸᠠᠩ ᠤᠨ ᠬᠤᠳᠠ ᠶᠢᠨ ᠲᠣᠭᠤᠷᠢᠭ ᠵᠡᠭᠡᠯᠢ ᠭᠤᠳᠤᠮᠵᠢ ᠶᠢᠨ ᠬᠠᠳᠤᠨ ᠭᠤᠣᠯ ᠨᠡᠶᠢᠭᠡᠮ ᠲᠣᠭᠤᠷᠢᠭ ᠪᠣᠯᠤᠨ ᠫᠢᠩᠵᠤᠸᠠᠩ ᠤᠨ ᠰᠢ ᠴᠧᠩ ᠵᠡᠭᠡᠯᠢ ᠭᠤᠳᠤᠮᠵᠢ ᠶᠢᠨ ᠸᠠᠩ ᠹᠦ᠋ ᠨᠡᠶᠢᠭᠡᠮ ᠲᠣᠭᠤᠷᠢᠭ ᠲᠤ᠂ ᠼᠤᠤ ᡁᠢ ᠶᠦᠩ ᠨᠡᠶᠢᠭᠡᠮ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠬᠠᠮᠰᠠᠷᠠᠬᠤ ᠳᠤᠮᠳᠠ ᠪᠠᠲᠤ ᠴᠢᠩᠭ᠎ᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠦᠨᠳᠦᠰᠦᠨ ᠱᠠᠲᠤᠨ ᠤ ᠬᠡᠷᠡᠭ ᠶᠠᠪᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠢ ᠨᠡᠩ ᠤᠯᠠᠨ ᠴᠠᠭ ᠪᠠ ᠤᠶᠤᠨ ᠴᠢᠳᠠᠯ ᠭᠠᠷᠭᠠᠭᠤᠯᠤᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠫᠢᠩᠵᠤᠸᠠᠩ ᠪᠠᠯᠭᠠᠰᠤᠨ ᠤ ᠡᠦ ᡁᠢ ᠵᠢᠶᠠᠨ ᠲᠣᠰᠬᠤᠨ ᠳᠤ᠂ ᠼᠤᠤ ᡁᠢ ᠶᠦᠩ ᠲᠣᠰᠬᠤᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠪᠤᠵᠠᠭᠠᠶᠢᠷᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠲᠣᠰᠬᠤᠨ ᠤ ᠺᠠᠳ᠋ᠷ ᠢ ᠰᠣᠩᠭᠤᠨ ᠲᠣᠮᠢᠯᠠᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠰᠬᠤᠨ ᠤ ᠺᠠᠳ᠋ᠷ ᠤᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1