7 ᠰᠠᠷ᠎ᠠ ᠶᠢᠨ 18 ᠤ ᠡᠳᠦᠷ᠂ ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ | ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠭᠦᠸᠧ ᠯᠢ ᠪᠦᠯᠬᠦᠮ | ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ | ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ | ᠡᠷᠬᠢᠯᠡᠭᠴᠢ ᠯᠢ ᠸᠧᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠵᠠᠩ ᠭᠦᠸᠧ ᠯᠢ ᠨᠠᠷ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠮᠡᠷᠭᠡᠵᠢᠯ ︵ᠤᠯᠠᠭᠠᠨᠬᠠᠳᠠ︶ ᠤᠨ | ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠤᠬᠠᠭᠤᠯᠭ᠎ᠠ ᠶᠢᠨ ᠹᠢᠯᠢᠮ᠂ ᠡᠯᠡᠰᠦᠨ ᠴᠠᠷ᠎ᠠ ᠶᠢᠨ | ᠵᠠᠭᠪᠤᠷ ᠪᠣᠯᠤᠨ ᠶᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ᠂ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠲᠤᠬᠠᠢ ᠬᠦᠰᠡᠯ | ᠱᠠᠭᠠᠷᠳᠠᠯᠭ᠎ᠠ ᠪᠣᠯᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ | ᠵᠠᠩ ᠭᠦᠸᠧ ᠯᠢ ᠢᠯᠡᠷᠬᠡᠶᠢᠯᠡᠭᠰᠡᠨ ᠨᠢ᠂ ᠴᠠᠬᠢᠯᠭᠠᠨ ᠬᠦᠴᠦᠨ ᠨᠢ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠬᠥᠭᠵᠢᠯᠲᠡ ᠶᠢᠨ ᠴᠢᠬᠤᠯᠠ ᠰᠠᠭᠤᠷᠢ ᠪᠣᠯᠤᠭᠰᠠᠨ ᠤ ᠬᠤᠪᠢ ᠳᠤ᠂ ᠤᠯᠤᠰ ᠤᠨ ᠴᠠᠬᠢᠯᠭᠠᠨ ᠲᠣᠣᠷ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠪᠠᠴᠢᠮ᠂ | ᠬᠥᠴᠢᠷᠳᠡᠯ ᠲᠠᠢ᠂ ᠲᠥᠪᠡᠭ ᠲᠠᠢ᠂ ᠬᠥᠰᠡᠨ ᠡᠷᠡᠮᠡᠯᠵᠡᠯᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠠᠬᠤᠶᠢᠯᠠᠯ ᠤᠨ ᠤᠳᠠᠰᠤ ᠱᠤᠭᠤᠮ ᠵᠠᠯᠭᠠᠬᠤ ᠵᠡᠷᠭᠡ ᠬᠦᠴᠢᠷᠳᠡᠯ ᠢ ᠢᠳᠡᠪᠬᠢᠲᠡᠢ | ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠬᠦᠴᠦᠨ ᠤ ᠠᠮᠤᠷ ᠲᠦᠪᠰᠢᠨ ᠲᠣᠭᠲᠠᠭᠤᠨ ᠢᠶᠠᠷ ᠠᠵᠤ | ᠠᠬᠤᠶᠢᠯᠠᠯ ᠳᠤ ᠴᠠᠬᠢᠯᠭᠠᠨ ᠬᠠᠩᠭᠠᠬᠤ ᠶᠢ ᠪᠠᠲᠤᠯᠠᠨ᠎ᠠ︔ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠬᠦᠷᠢᠶᠡᠯᠡᠩ ᠲᠣᠭᠤᠷᠢᠭ ᠢ ᠵᠣᠬᠢᠰᠲᠠᠢ ᠲᠥᠯᠥᠪᠵᠢᠭᠦᠯᠬᠦ ᠳᠤ ᠴᠠᠬᠢᠯᠭᠠᠨ | ᠬᠠᠩᠭᠠᠬᠤ ᠤᠳᠠᠰᠤ ᠱᠤᠭᠤᠮ ᠪᠣᠯᠤᠨ ᠨᠡᠪᠲᠡᠷᠡᠬᠦ ᠵᠠᠮ ᠢ ᠤᠷᠢᠳᠴᠢᠯᠠᠨ ᠥᠯᠡᠳᠡᠭᠡᠵᠦ᠂ ᠠᠵᠤ ᠠᠬᠤᠶᠢᠯᠠᠯ ᠤᠨ | ᠢᠷᠡᠭᠡᠳᠦᠢ ᠶᠢᠨ ᠬᠥᠭᠵᠢᠯᠲᠡ ᠶᠢ ᠬᠢᠵᠠᠭᠠᠷᠯᠠᠬᠤ ᠡᠯᠧᠮᠧᠨ᠋ᠲ ᠢ ᠪᠦᠲᠦᠮᠵᠢᠲᠡᠢ ᠰᠢᠢᠳᠪᠦᠷᠢᠯᠡᠨ᠎ᠡ︔ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠴᠠᠬᠢᠯᠭᠠᠨ ᠲᠣᠣᠷ ᠤᠨ ᠠᠶᠤᠯᠭᠦᠢ ᠠᠵᠢᠯᠯᠠᠭᠠᠨ ᠤ ᠬᠢᠷᠢ ᠲᠦᠪᠰᠢᠨ ᠪᠣᠯᠤᠨ | ᠴᠠᠬᠢᠯᠭᠠᠨ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ | ᠭᠡᠵᠡᠢ᠃ | |