ᠶᠤᠸᠠᠨ ᠪᠦᠦ ᠱᠠᠨ ᠪᠠᠯᠭᠠᠰᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/22
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠶᠤᠸᠠᠨ ᠪᠦᠦ ᠱᠠᠨ ᠪᠠᠯᠭᠠᠰᠤ ᠥᠨᠳᠥᠷ ᠵᠣᠭᠰᠣᠴᠠ ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ᠂ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠪᠠ᠃    ᠥᠨᠳᠥᠷ ᠵᠣᠭᠰᠣᠴᠠ ᠠᠴᠠ ᠲᠥᠯᠥᠪᠵᠢᠭᠦᠯᠵᠦ᠂ ᠲᠦᠷᠭᠡᠨ ᠪᠠᠶᠢᠷᠢᠯᠠᠭᠤᠯᠵᠤ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠪᠠ    ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠶᠤᠸᠠᠨ ᠪᠦᠦ ᠱᠠᠨ ᠪᠠᠯᠭᠠᠰᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ᠂ ᠵᠣᠬᠢᠶᠠᠨ ᠪᠠᠶᠢᠭᠤᠯᠵᠤ ᠠᠬᠢᠭᠤᠯᠬᠤ ᠵᠡᠷᠭᠡ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠡᠭᠦᠨ ᠤ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠪᠠᠯᠭᠠᠰᠤᠨ ᠤ ᠱᠠᠲᠤᠨ ᠤ ︽ᠭᠤᠷᠪᠠᠨ ᠶᠠᠪᠤᠳᠠᠯ ᠢ ᠢᠯᠡ ᠪᠣᠯᠭᠠᠬᠤ︾ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠡᠷᠭᠡ ᠶᠢᠨ ᠬᠠᠮᠤᠭ ᠤᠨ ᠰᠢᠨ᠎ᠡ ᠪᠠᠶᠢᠷᠢᠯᠠᠭᠤᠯᠤᠯᠲᠠ ᠪᠠ ᠲᠠᠶᠢᠯᠤᠮᠵᠢ ᠶᠢᠨ ᠵᠣᠬᠢᠶᠠᠯ ᠢ ᠰᠢᠯᠵᠢᠭᠦᠯᠦᠨ ᠨᠡᠶᠢᠲᠡᠯᠡᠵᠦ᠂ ᠠᠵᠢᠯ ᠤᠨ ᠠᠬᠢᠴᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ ᠂ ᠨᠢᠭᠡ ᠵᠢᠷᠤᠭ ᠢᠶᠠᠷ ᠲᠦᠷᠭᠡᠨ ᠦᠵᠡᠬᠦ᠂ ︽ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ ᠵᠡᠷᠭᠡ ᠤᠬᠠᠭᠤᠯᠭ᠎ᠠ ᠶᠢᠨ ᠪᠦᠲᠦᠭᠡᠯ ᠢᠶᠠᠷ ᠳᠠᠮᠵᠢᠭᠤᠯᠤᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
1_副本.jpg
        ᠦᠨᠳᠦᠷ ᠪᠠᠷᠢᠮᠵᠢᠶ᠎ᠠ ᠪᠠᠷ ᠠᠬᠢᠭᠤᠯᠵᠤ᠂ ᠰᠤᠷᠤᠯᠴᠠᠯᠭ᠎ᠠ ᠶᠢ ᠴᠢᠩᠭᠠᠳᠬᠠᠵᠤ ᠣᠨᠣᠯ ᠢᠶᠠᠷ ᠵᠡᠪᠰᠡᠭᠯᠡᠬᠦ ᠶᠢ ᠴᠢᠩᠲᠠᠯᠠᠪᠠ    ᠶᠤᠸᠠᠨ ᠪᠦᠦ ᠱᠠᠨ ᠪᠠᠯᠭᠠᠰᠤᠨ ᠤ ᠨᠠᠮ ᠤᠨ ᠬᠤᠷᠢᠶ᠎ᠠ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠯᠬᠤᠮ ᠠᠯᠬᠤᠮ ᠢᠶᠠᠷ ᠡᠮᠬᠢ ᠵᠢᠷᠤᠮ ᠲᠠᠢ ᠴᠢᠩᠭ᠎ᠠ ᠬᠡᠷᠡᠭᠵᠢᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾᠎ ᠢ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠤᠨ ᠭᠡᠰᠢᠭᠦᠨ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠵᠦ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠎ ᠢ ᠲᠥᠪᠯᠡᠷᠡᠭᠦᠯᠦᠨ ᠰᠤᠷᠤᠯᠴᠠᠬᠤ ᠶᠢᠨ ᠬᠠᠮᠲᠤ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢᠨ ᠲᠣᠭᠤᠷᠢᠨ ᠳᠤ ᠲᠣᠰ ᠪᠡᠶ᠎ᠡ ᠪᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠥᠳᠡᠯᠭᠡᠭᠡᠨ ᠥᠷᠨᠢᠭᠦᠯᠪᠡ︔ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠭᠤᠷᠪᠠᠨ ᠬᠤᠷᠠᠯ ᠨᠢᠭᠡ ᠬᠢᠴᠢᠶᠡᠯ︾᠎ ᠳᠤ ᠲᠦᠰᠢᠭᠯᠡᠨ᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ᠂ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠬᠤ᠂ ᠲᠤᠰᠬᠠᠶ ᠰᠡᠳᠦᠪᠲᠦ ᠹᠢᠯᠢᠮ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠠᠷ᠎ᠠ ᠪᠦᠷᠢ ᠰᠤᠷᠤᠯᠴᠠᠭᠤᠯᠵᠤ᠂ ᠣᠲᠣ ᠪᠣᠯᠲᠠᠯ᠎ᠠ᠂ ᠨᠠᠮ ᠤᠨ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ ᠤᠨ ᠰᠤᠷᠤᠯᠴᠠᠯᠭ᠎ᠠ ᠶᠢ 57 ᠤᠳᠠᠭ᠎ᠠ᠂ ᠬᠠᠮᠢᠶ᠎ᠠ ᠪᠥᠬᠦᠶ ᠭᠤᠤᠯ ᠰᠡᠳᠦᠪᠲᠦ ᠨᠠᠮ ᠤᠨ ᠡᠳᠦᠷ ᠤᠨ ᠬᠥᠳᠡᠯᠭᠡᠭᠡᠨ ᠢ 39 ᠤᠳᠠᠭ᠎ᠠ ᠥᠷᠨᠢᠭᠦᠯᠪᠡ᠃    ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ    ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠱᠠᠲᠤ ᠱᠠᠲᠤ ᠪᠠᠷ ᠳᠠᠶᠢᠴᠢᠯᠠᠬᠤ ᠶᠢ ᠪᠠᠷᠢᠮᠲᠠᠯᠠᠪᠠ᠃ ᠶᠤᠸᠠᠨ ᠪᠦᠦ ᠱᠠᠨ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠡᠷᠡᠭ ᠢᠶᠠᠷ ᠲᠤᠯᠢ ᠪᠣᠯᠭᠠᠬᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠦᠭᠡᠷᠡᠴᠢᠯᠡᠬᠦ ᠶᠢ ᠠᠬᠢᠭᠤᠯᠬᠤ ᠶᠢ ᠲᠥᠯᠬᠢᠨ ᠠᠬᠢᠭᠤᠯᠪᠠ︔ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠵᠢᠭᠠᠵᠤ᠂ ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠬᠥᠳᠡᠯᠭᠡᠭᠡᠨ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠨᠠᠮ ᠤᠨ ᠭᠡᠰᠢᠭᠦᠨ ᠢ ᠬᠠᠮᠤᠷᠬᠤ ᠶᠢ ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠨᠡᠶᠢᠳᠡ 17 ᠤᠳᠠᠭ᠎ᠠ ᠵᠣᠬᠢᠶᠠᠨ ᠪᠠᠶᠢᠭᠤᠯᠤᠨ ᠦᠵᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 20 ᠭᠠᠷᠤᠢ ᠤᠳᠠᠭ᠎ᠠ ᠨᠠᠮ ᠤᠨ ᠬᠢᠴᠢᠶᠡᠯ ᠣᠷᠣᠵᠤ᠂ 1000 ᠭᠠᠷᠤᠢ ᠨᠠᠮ ᠤᠨ ᠭᠡᠰᠢᠭᠦᠨ ᠢ ᠬᠠᠮᠤᠷᠪᠠ︔ ᠠᠳᠠᠯᠢ ᠪᠤᠰᠤ ᠬᠦᠷᠢᠶ᠎ᠡ᠂ ᠠᠳᠠᠯᠢ ᠪᠤᠰᠤ ᠲᠦᠷᠦᠯ ᠬᠡᠯᠪᠡᠷᠢ ᠶᠢᠨ ᠨᠠᠮ ᠤᠨ ᠭᠡᠰᠢᠭᠦᠨ ᠤ ᠣᠨᠴᠠᠯᠢᠭ ᠢ ᠭᠦᠨᠵᠡᠭᠡᠢ ᠡᠵᠡᠮᠳᠡᠵᠦ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦᠯ ᠬᠤᠪᠢᠶᠠᠨ ᠵᠢᠯᠣᠭᠤᠳᠴᠤ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠳᠬᠠᠪᠠ︔ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠥᠨ ᠨᠡᠭᠦᠳᠡᠯ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠵᠣᠬᠢᠶᠠᠨ ᠪᠠᠶᠢᠭᠤᠯᠤᠯᠲᠠ ᠠᠴᠠ ᠬᠠᠷᠢᠯᠴᠠᠵᠤ ᠬᠦᠳᠦᠯᠦᠨ ᠵᠢᠯᠣᠭᠤᠳᠬᠤ ᠰᠤᠷᠤᠯᠴᠠᠯᠭ᠎ᠠ᠂ ᠨᠠᠮ ᠤᠨ ᠭᠡᠰᠢᠭᠦᠳ ᠬᠤᠯᠪᠤᠭᠠᠯᠠᠨ ᠬᠠᠮᠲᠤᠪᠠᠷ ᠰᠤᠷᠤᠯᠴᠠᠬᠤ᠂ ᠬᠥᠳᠡᠯᠭᠡᠭᠡᠨ ᠥᠷᠨᠢᠭᠦᠯᠥᠨ ᠭᠦᠨᠵᠡᠭᠡᠢ ᠰᠤᠷᠤᠯᠴᠠᠬᠤ ᠵᠡᠷᠭᠡ ᠠᠷᠭ᠎ᠠ ᠬᠡᠯᠪᠡᠷᠢ ᠶᠢ ᠠᠪᠴᠤ ᠪᠠᠶᠢᠭᠠᠳ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1