ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/9
    7 ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠰᠢᠰᠲ᠋ᠧᠮᠳᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠬᠦᠴᠦᠯᠡᠨ ᠴᠢᠩᠭᠠᠳᠬᠠᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠨᠢᠮᠪᠠᠢ ᠵᠢᠯᠤᠭᠤᠳᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠥᠪᠥᠷ ᠮᠣᠩᠭᠤᠯ ᠤᠨ ᠬᠠᠭᠤᠳᠠᠰᠤ︾᠎ ᠶᠢ ᠰᠠᠶᠢᠲᠤᠷ ᠲᠣᠪᠤᠶᠢᠯᠭᠠᠨ ᠰᠤᠷᠤᠯᠴᠠᠬᠤ ᠬᠡᠷᠡᠭᠲᠡᠢ᠃ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ︽ᠨᠢᠭᠡ ᠱᠤᠭᠤᠮ︾᠎ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠪᠦᠲᠦᠮᠵᠢᠲᠡᠶ ᠠᠵᠢᠯ ᠤᠨ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠢᠯᠵᠠᠷᠠᠯ ᠣᠯᠠᠨ ᠡᠭᠦᠰᠬᠦ ᠬᠦᠷᠢᠶ᠎ᠡ ᠶᠢ ᠴᠢᠩᠭ᠎ᠠ ᠠᠩᠬᠠᠷᠴᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠥᠭᠡᠷᠡᠴᠢᠯᠡᠯᠲᠡ ᠶᠢᠨ ᠰᠡᠳᠬᠢᠬᠦᠢ ᠪᠠ ᠲᠣᠭᠲᠠᠴᠠ ᠶᠢᠨ ᠠᠷᠭ᠎ᠠ ᠪᠠᠷ ᠦᠨᠳᠦᠰᠦᠨ ᠠᠴᠠ ᠨᠢ ᠡᠮᠵᠡᠭ ᠳᠤᠲᠠᠭᠳᠠᠯ ᠢ ᠵᠠᠯᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠳᠤ ᠠᠭᠤᠯᠤᠭᠳᠠᠵᠤ ᠪᠠᠶᠢᠭ᠎ᠠ ᠥᠷᠲᠡᠭ ᠤᠨ ᠣᠶᠢᠯᠠᠭᠠᠭᠳᠠᠬᠤᠨ ᠢ ᠭᠠᠳᠠᠭᠠᠳᠤ ᠨᠡᠭᠡᠭᠡᠯᠲᠡ ᠶᠢᠨ ᠠᠵᠢᠯ ᠳᠤ ᠦᠨᠡᠨ ᠬᠦ ᠬᠡᠷᠡᠭᠯᠡᠵᠦ᠂ ᠣᠷᠣᠰ᠂ ᠮᠣᠩᠭᠤᠯ ᠤᠯᠤᠰ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠨᠥᠭᠦᠷᠰᠡᠭ ᠰᠣᠯᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠪᠣᠯᠣᠨ ᠨᠡᠭᠡᠭᠡᠯᠲᠡ ᠶᠢᠨ ᠪᠦᠭᠦ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠦᠨᠡᠨ︾ ᠰᠡᠳᠬᠦᠯ ᠤᠨ 2024 ᠣᠨ ᠤ 13 ᠳ᠋ᠤᠭᠠᠷ ᠬᠤᠭᠤᠴᠠᠭ᠎ᠠ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠪᠠᠷ ᠭᠤᠣᠯᠳᠠᠭᠤᠯᠵᠤ᠂ ᠬᠤᠷᠴᠠ ᠴᠢᠩᠭ᠎ᠠ ᠲᠡᠮᠡᠴᠡᠯ ᠤᠨ ᠵᠣᠷᠢᠭ ᠰᠠᠨᠠᠭ᠎ᠠ ᠪᠠᠷ ᠠᠵᠠ ᠲᠣᠭᠢᠶᠠᠯ ᠢ ᠠᠳᠬᠤᠵᠤ᠂ ᠬᠥᠭᠵᠢᠯᠲᠡ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠶᠠᠷ ᠶᠡᠭᠡ ᠶᠠᠪᠤᠳᠠᠯ ᠢ ᠨᠡᠩ ᠪᠦᠲᠦᠮᠵᠢᠲᠡᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠵᠠᠬᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ᠂ ᠳᠤᠮᠳᠠᠳᠤ ᠠᠮᠧᠷᠢᠺᠠ ᠶᠢᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠪᠣᠯᠣᠨ ︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾᠎ ᠢ ᠬᠢᠨᠠᠨ ᠵᠥᠪᠯᠡᠵᠦ᠂ ᠬᠤᠶᠠᠷ ᠪᠢᠴᠢᠭ ᠮᠠᠲ᠋ᠧᠷᠢᠶᠠᠯ ᠢ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠵᠣᠬᠢᠴᠠᠭᠤᠯᠤᠨ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1