ᠬᠥᠯᠥᠨ ᠪᠤᠶᠢᠷ ᠤᠨ ᠬᠤᠲᠠ ᠬᠤᠰᠢᠭᠤ ᠬᠤᠶᠠᠷ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠤᠸᠠᠨ ᠪᠦᠦ ᠱᠠᠨ ᠲᠣᠭᠤᠷᠢᠭ ᠲᠤ ᠢᠷᠡᠵᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/16
    8 ᠰᠠᠷ᠎ᠠ ᠶᠢᠨ 13᠎ ᠤ ᠡᠳᠦᠷ᠂ ᠬᠥᠯᠥᠨ ᠪᠤᠶᠢᠷ ᠬᠤᠳᠠ ᠶᠢᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠶᠠᠩ ᠰᠢᠶᠤᠤ ᠭᠠᠩ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠾᠦᠢ ᠷᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠪᠦᠳᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠪᠣᠯᠤᠨ ᠲᠤᠷᠰᠢᠯᠭ᠎ᠠ ᠶᠢ ᠣᠶᠢᠯᠠᠭᠠᠵᠤ᠂ ᠤᠯᠠᠭᠠᠨᠬᠠᠳᠠ ᠬᠤᠳᠠ ᠶᠢᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦᠢ ᠱᠢ ᠵᠦᠩ ᠵᠢᠴᠢ ᠬᠤᠯᠪᠣᠭᠳᠠᠯ ᠪᠦᠬᠦᠢ ᠬᠥᠮᠦᠰ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
1_副本.jpg
       ᠰᠢᠨᠵᠢᠯᠡᠨ ᠪᠠᠶᠢᠴᠠᠭᠠᠬᠤ ᠳᠤᠮᠳᠠ᠂ ᠶᠠᠩ ᠰᠢᠶᠤᠤ ᠭᠠᠩ ᠨᠠᠷ ᠶᠤᠸᠠᠨ ᠪᠦᠦ ᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠬᠠᠷᠢᠭᠤᠴᠠᠯᠭᠠᠲᠠᠨ ᠵᠢᠴᠢ ᠾᠦᠢ ᠷᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠠᠷᠢᠭᠤᠴᠠᠯᠭᠠᠲᠠᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠲᠥᠯᠥᠪᠵᠢᠭᠦᠯᠭᠡ᠂ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠠᠷᠭ᠎ᠠ ᠪᠣᠳᠣᠯᠭ᠎ᠠ ᠵᠢᠴᠢ ᠢᠷᠡᠭᠡᠳᠦᠶ ᠶᠢᠨ ᠲᠥᠯᠥᠪᠵᠢᠭᠦᠯᠭᠡ ᠶᠢᠨ ᠲᠤᠬᠠᠶ ᠲᠠᠨᠢᠯᠴᠠᠭᠤᠯᠭ᠎ᠠ ᠶᠢ ᠨᠠᠷᠢᠨ ᠰᠣᠨᠣᠰᠤᠭᠰᠠᠨ ᠪᠥᠭᠡᠳ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠲᠠᠷᠢᠶᠠᠯᠠᠩ ᠳᠤ ᠦᠢᠯᠡᠴᠢᠯᠡᠬᠦ ᠲᠥᠪ ᠵᠢᠴᠢ ᠪᠤᠰᠤᠳ ᠡᠵᠡᠩᠨᠡᠯᠲᠡ ᠶᠢᠨ ᠲᠠᠯᠠᠪᠤᠷ ᠭᠠᠵᠠᠷ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠩᠭᠠᠨ ᠪᠣᠷᠣᠯᠠᠭᠤᠯᠬᠤ ᠬᠤᠷᠰᠢᠶᠠᠨ ᠤ ᠠᠵᠢᠯᠲᠠᠨ ᠤ ᠡᠳᠦᠷ ᠲᠤᠲᠤᠮ ᠤᠨ ᠠᠵᠢᠯ ᠳᠠᠬᠢ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠥᠨᠳᠥᠷ ᠪᠦᠲᠦᠮᠵᠢᠲᠡᠶ ᠭᠦᠢᠴᠡᠳᠭᠡᠬᠦ ᠬᠦᠴᠦᠨ ᠢ ᠦᠵᠡᠨ ᠮᠡᠳᠡᠷᠡᠪᠡ᠃ ᠬᠠᠩᠭᠠᠨ ᠪᠣᠷᠣᠯᠠᠭᠤᠯᠬᠤ ᠬᠤᠷᠰᠢᠶᠠᠨ ᠤ ᠤᠳᠤᠷᠢᠳᠤᠯᠭ᠎ᠠ ᠪᠣᠯᠤᠨ ᠠᠵᠢᠯᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ ᠪᠠᠷ ᠳᠡᠮᠵᠢᠨ᠂ ᠶᠠᠩ ᠰᠢᠶᠤᠤ ᠭᠠᠩ ᠨᠠᠷ ᠾᠦᠢ ᠷᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠳᠤ ᠦᠢᠯᠡᠴᠢᠯᠡᠬᠦ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠵᠡᠷᠭᠡ ᠳᠤ ᠨᠠᠩ ᠪᠥᠬᠦ ᠲᠠᠯ᠎ᠠ ᠶᠢᠨ ᠲᠠᠨᠢᠯᠲᠠ ᠲᠠᠢ ᠪᠣᠯᠪᠠ᠃
2_副本.jpg
       ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠪᠠᠰᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠤᠯᠠᠨ ᠵᠦᠢᠯ ᠤᠨ ᠬᠠᠮᠲᠤ ᠶᠢᠨ ᠲᠠᠨᠢᠯᠲᠠ ᠲᠠᠢ ᠪᠣᠯᠵᠠᠢ᠃ ᠶᠠᠩ ᠰᠢᠶᠤᠤ ᠭᠠᠩ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠳᠤ ᠦᠢᠯᠡᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠤᠷᠤᠯᠴᠠᠯᠭ᠎ᠠ ᠨᠢ ᠾᠦᠢ ᠷᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠲᠤᠷᠰᠢᠯᠭ᠎ᠠ ᠶᠢᠨ ᠳ᠋ᠦᠩᠨᠡᠯᠲᠡ ᠪᠠ ᠪᠣᠯᠪᠠᠰᠤᠷᠠᠭᠤᠯᠤᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠬᠥᠯᠥᠨ ᠪᠤᠶᠢᠷ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠡᠯ᠎ᠡ ᠠᠬ᠎ᠠ ᠳᠡᠭᠦᠤ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠰᠢᠰᠲ᠋ᠧᠮ ᠳᠤ ᠡᠷᠬᠢᠮ ᠨᠠᠨᠳᠢᠨ ᠯᠠᠪᠯᠠᠯᠲᠠ ᠪᠠ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃ ᠵᠠᠯᠭᠠᠭᠠᠳ᠂ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠭᠠᠷ ᠬᠤᠯᠪᠣᠨ ᠤᠷᠤᠭᠰᠢᠯᠠᠵᠤ᠂ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1