ᠨᠢᠭᠡᠳᠦᠭᠡᠷ ᠵᠦᠢᠯ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢ | ᠴᠢᠩᠭᠠᠳᠬᠠᠵᠤ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ | ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠳ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠭᠠᠶᠢᠯᠢ | ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠳᠤ ᠲᠤᠰ ᠠᠷᠭ᠎ᠠ ᠶᠢ | ᠲᠣᠬᠢᠷᠠᠭᠤᠯᠤᠨ ᠬᠡᠷᠡᠭᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠭᠠᠶᠢᠯᠢ ᠰᠦᠢᠳᠬᠡᠯ ᠭᠡᠳᠡᠭ ᠲᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠲᠠᠲᠠᠪᠤᠷᠢᠯᠠᠭᠰᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ | ᠭᠠᠶᠢᠯᠢ ᠶᠢᠨ ᠪᠤᠰᠤ ᠣᠷᠣᠯᠭ᠎ᠠ ᠪᠠᠭᠲᠠᠨ᠎ᠠ᠃ | ᠭᠤᠷᠪᠠᠳᠤᠭᠠᠷ ᠵᠦᠢᠯ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠵᠠᠰᠠᠭ ᠤᠨ ᠣᠷᠳᠣᠨ ᠨᠢᠭᠡᠳᠦᠯᠲᠡᠢ | ᠲᠥᠯᠥᠪᠯᠡᠬᠦ᠂ ᠭᠠᠶᠢᠯᠢ ᠶᠢᠨ ᠶᠠᠪᠤᠳᠠᠯ ᠭᠤᠣᠯᠯᠠᠨ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ | ᠨᠡᠶᠢᠲᠡ ᠪᠠᠷ ᠢᠶᠠᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠠᠶᠢᠯᠢ ᠰᠦᠢᠳᠬᠡᠯ ᠤᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ | ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ ᠤᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ | ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠶᠣᠰᠣᠭᠠᠷ ᠪᠠᠲᠤᠯᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠳ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠪᠰᠤᠷᠴᠤ ᠪᠠᠶᠢᠭᠠᠳ ᠭᠠᠶᠢᠯᠢ ᠰᠦᠢᠳᠬᠡᠯ ᠤᠨ | ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | | ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠲᠠᠲᠠᠪᠤᠷᠢᠯᠠᠵᠤ | ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ ᠢ ᠬᠠᠷᠢᠭᠤᠴᠠᠨ ᠰᠠᠶᠢᠲᠤᠷ ᠬᠢᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷ ᠥᠪᠡᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠶᠢᠯᠢ | ᠰᠦᠢᠳᠬᠡᠯ ᠤᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ᠵᠢᠷᠭᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠨᠦᠭᠦᠳ ᠲᠠᠢ ᠬᠠᠮᠲᠤᠷᠠᠨ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠭᠠᠶᠢᠯᠢ ᠰᠦᠢᠳᠬᠡᠯ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠭᠠᠶᠢᠯᠢ | ᠰᠦᠢᠳᠬᠡᠯ ᠲᠤᠰᠢᠶᠠᠬᠤ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠤᠳ ᠭᠠᠶᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠨᠡᠶᠢᠲᠡ ᠶᠢᠨ ᠠᠰᠠᠷᠠᠮᠵᠢᠲᠤ ᠤᠬᠠᠭᠤᠯᠭ᠎ᠠ ᠶᠢ ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠬᠠᠤᠯᠢ | ᠶᠣᠰᠣᠭᠠᠷ ᠭᠠᠶᠢᠯᠢ ᠰᠦᠢᠳᠬᠡᠯ ᠲᠤᠰᠢᠶᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃ | ᠳᠣᠯᠣᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠰᠣᠯᠢᠯᠴᠠᠬᠤ ᠲᠠᠪᠴᠠᠩ ᠢᠶᠠᠷ ᠳᠠᠮᠵᠢᠭᠤᠯᠤᠨ᠂ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠮᠡᠳᠡᠭᠡ ᠵᠠᠩᠭᠢ ᠶᠢ ᠲᠠᠪᠴᠠᠩ ᠢᠶᠠᠷ ᠬᠠᠮᠲᠤ ᠳᠤ ᠪᠠᠨ ᠬᠦᠷᠲᠡᠬᠦ ᠶᠢᠨ ᠠᠷᠭ᠎ᠠ ᠦᠭᠡᠢ ᠪᠣᠯ᠂ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠮᠡᠳᠡᠭᠡ | ᠵᠠᠩᠭᠢ ᠶᠢ ᠬᠠᠮᠲᠤ ᠳᠤ ᠪᠠᠨ ᠬᠦᠷᠲᠡᠬᠦ ᠠᠷᠭ᠎ᠠ ᠮᠠᠶ᠋ᠢᠭ ᠢ ᠵᠥᠪᠳᠡᠯᠴᠡᠨ ᠲᠣᠭᠲᠠᠭᠠᠨ᠎ᠠ᠃ | ᠨᠠᠢᠮᠠᠳᠤᠭᠠᠷ ᠵᠦᠢᠯ ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠳᠤ | ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠲᠠᠢ ᠬᠠᠮᠲᠤᠷᠠᠨ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ | ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠭᠠᠷᠴᠠᠭ ᠢ ᠪᠠᠶᠢᠭᠤᠯᠵᠤ᠂ | ᠬᠠᠮᠲᠤ ᠳᠤ ᠪᠠᠨ ᠬᠦᠷᠲᠡᠬᠦ ᠬᠡᠪᠴᠢᠶ᠎ᠡ᠂ ᠬᠠᠮᠲᠤ ᠳᠤ ᠪᠠᠨ ᠬᠦᠷᠲᠡᠬᠦ ᠠᠭᠤᠯᠭ᠎ᠠ᠂ ᠳ᠋ᠠᠶᠢᠲ᠋ᠠ ᠶᠢᠨ ᠬᠡᠯᠪᠡᠷᠢ᠂ | ᠰᠢᠨᠡᠳᠬᠡᠬᠦ ᠳᠠᠪᠲᠠᠮᠵᠢ ᠵᠡᠷᠭᠡ ᠶᠢ ᠲᠣᠳᠣᠷᠬᠠᠶᠢᠯᠠᠨ᠎ᠠ᠃ | ᠶᠢᠰᠦᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠨᠦᠭᠦᠳ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠢᠨ ᠤ ᠭᠠᠶᠢᠯᠢ ᠰᠦᠢᠳᠬᠡᠯ ᠳᠤ | ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠬᠤ᠂ ᠰᠣᠯᠢᠯᠴᠠᠬᠤ᠂ ᠬᠡᠷᠡᠭᠯᠡᠬᠦ ᠪᠠ ᠬᠠᠳᠠᠭᠠᠯᠠᠨ ᠬᠠᠮᠢᠶᠠᠷᠬᠤ ᠳᠤ ᠪᠠᠨ | ᠭᠠᠶᠢᠯᠢ ᠰᠦᠢᠳᠬᠡᠯ ᠳᠤ ᠬᠤᠯᠪᠣᠭᠳᠠᠬᠤ ᠮᠡᠳᠡᠭᠡ ᠵᠠᠩᠭᠢ ᠶᠢᠨ ᠬᠤᠯᠪᠣᠭᠳᠠᠭᠰᠠᠨ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠬᠡᠷᠡᠭᠲᠡᠢ᠂ ᠭᠠᠶᠢᠯᠢ ᠰᠦᠢᠳᠬᠡᠯ ᠳᠤ | ᠬᠤᠯᠪᠣᠭᠳᠠᠬᠤ ᠮᠡᠳᠡᠭᠡ ᠵᠠᠩᠭᠢ ᠶᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ | ᠭᠠᠳᠠᠨᠠᠬᠢ ᠬᠡᠷᠡᠭᠯᠡᠯᠲᠡ ᠳᠤ ᠬᠡᠷᠡᠭᠯᠡᠵᠦ ᠪᠣᠯᠬᠤ ᠦᠭᠡᠢ᠃ | ᠠᠷᠪᠠᠳᠤᠭᠠᠷ ᠵᠦᠢᠯ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠭᠠᠶᠢᠯᠢ ᠰᠦᠢᠳᠬᠡᠯ | ᠲᠠᠲᠠᠪᠤᠷᠢᠯᠠᠵᠤ ᠬᠠᠮᠢᠶᠠᠷᠬᠤ ᠵᠡᠷᠭᠡ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢ ᠬᠠᠤᠯᠢ ᠶᠣᠰᠣᠭᠠᠷ ᠬᠠᠮᠵᠢᠯᠴᠠᠵᠤ ᠪᠠᠶᠢᠭᠠᠳ ᠭᠠᠶᠢᠯᠢ ᠰᠦᠢᠳᠬᠡᠯ ᠤᠨ ᠢᠷᠡᠯᠲᠡ ᠶᠢ ᠬᠢᠨᠠᠨ | ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠮᠡᠳᠡᠭᠡ | ᠵᠠᠩᠭᠢ ᠳᠤ ᠨᠢ ᠬᠤᠪᠢᠷᠠᠯᠲᠠ ᠭᠠᠷᠤᠭᠰᠠᠨ᠂ ᠬᠢᠷᠢ ᠴᠢᠳᠠᠮᠵᠢ ᠬᠢᠷᠢ ᠭᠡᠮ ᠨᠢ ᠲᠣᠳᠣᠷᠬᠠᠢ ᠪᠤᠰᠤ ᠪᠤᠶᠤ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠦᠷᠳᠡᠬᠦ ᠨᠥᠬᠦᠴᠡᠯ ᠨᠢ ᠪᠠᠯᠠᠷᠬᠠᠢ ᠪᠠᠶᠢᠭ᠎ᠠ ᠵᠡᠷᠭᠡ | ᠦᠢᠯᠡ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ | ᠳᠡᠪᠰᠢᠭᠦᠯᠦᠭᠡᠳ ᠬᠢᠨᠠᠨ ᠪᠠᠶᠢᠴᠠᠭᠠᠯᠭᠠᠵᠤ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ | ᠮᠡᠳᠡᠭᠡ ᠵᠠᠩᠭᠢ ᠶᠢ ᠴᠠᠭ ᠲᠤᠬᠠᠢ ᠳᠤ ᠨᠢ ᠬᠢᠨᠠᠨ ᠬᠠᠷᠭᠤᠭᠤᠯᠤᠭᠠᠳ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠭᠠᠵᠠᠷ | ᠰᠢᠷᠣᠢ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠳᠠᠩᠰᠠᠯᠠᠬᠤ ᠳᠤ ᠪᠠᠨ ᠲᠤᠰ ᠭᠠᠵᠠᠷ ᠰᠢᠷᠣᠢ᠂ ᠭᠡᠷ | ᠪᠠᠶᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠯᠤᠭ᠎ᠠ ᠬᠠᠮᠢᠶᠠᠳᠠᠬᠤ ᠭᠠᠶᠢᠯᠢ ᠲᠤᠰᠢᠶᠠᠭᠰᠠᠨ᠂ ᠭᠠᠶᠢᠯᠢ ᠶᠢ | ᠬᠠᠰᠤᠵᠤ ᠭᠠᠶᠢᠯᠢ ᠠᠴᠠ ᠬᠡᠯᠲᠦᠷᠢᠭᠦᠯᠦᠭᠰᠡᠨ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ | ᠪᠠᠶᠢᠴᠠᠭᠠᠨ ᠰᠢᠯᠭᠠᠬᠤ ᠬᠡᠷᠡᠭᠲᠡᠢ᠃ ᠭᠡᠷ᠎ᠡ ᠶᠢᠨ ᠭᠠᠶᠢᠯᠢ ᠶᠢ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠣᠯ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠬᠠᠤᠯᠢ ᠶᠣᠰᠣᠭᠠᠷ ᠭᠠᠵᠠᠷ ᠰᠢᠷᠣᠢ᠂ ᠭᠡᠷ | ᠪᠠᠶᠢᠰᠢᠩ ᠤᠨ ᠡᠷᠬᠡ ᠶᠢᠨ ᠬᠠᠷᠢᠶ᠎ᠠ ᠶᠢᠨ ᠳᠠᠩᠰᠠᠯᠠᠯᠲᠠ ᠶᠢ ᠦᠯᠦ ᠬᠢᠵᠦ ᠥᠭᠬᠦ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ | ᠦᠯᠦ ᠬᠥᠳᠡᠯᠬᠦ ᠬᠥᠷᠥᠩᠭᠡ ᠶᠢ ᠬᠠᠤᠯᠢ ᠶᠣᠰᠣᠭᠠᠷ ᠪᠠᠶᠢᠴᠠᠭᠠᠨ ᠪᠢᠲᠡᠭᠦᠮᠵᠢᠯᠡᠬᠦ᠂ ᠦᠨ᠎ᠡ ᠬᠠᠶᠠᠨ ᠬᠤᠳᠠᠯᠳᠤᠬᠤ | ᠪᠤᠶᠤ ᠬᠤᠪᠢᠷᠠᠭᠠᠨ ᠬᠤᠳᠠᠯᠳᠤᠬᠤ ᠳᠤ ᠬᠦᠷᠪᠡᠯ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠪᠠᠶᠢᠭᠤᠯᠤᠮᠵᠢ ᠨᠢ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠪᠢ ᠬᠥᠮᠥᠨ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠠᠷ | ᠬᠤᠪᠢᠷᠠᠭᠤᠯᠬᠤ ᠳᠠᠩᠰᠠᠯᠠᠯᠲᠠ ᠪᠠᠨ ᠭᠦᠢᠴᠡᠳᠬᠡᠬᠦ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠳᠠᠩᠰᠠᠯᠠᠯᠲᠠ ᠶᠢᠨ ᠪᠠᠶᠢᠭᠤᠯᠭ᠎ᠠ ᠨᠢ ᠲᠤᠰ ᠰᠲ᠋ᠣᠺ ᠤᠨ ᠡᠷᠬᠡ ᠶᠢᠨ ᠠᠷᠠᠯᠵᠢᠶ᠎ᠠ ᠯᠤᠭ᠎ᠠ ᠬᠠᠮᠢᠶᠠᠳᠠᠬᠤ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠪᠠᠷᠢᠮᠲᠠ ᠶᠢ ᠪᠠᠶᠢᠴᠠᠭᠠᠨ ᠰᠢᠯᠭᠠᠬᠤ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ | ᠪᠠᠶᠢᠭᠤᠯᠭ᠎ᠠ ᠳᠤ ᠬᠤᠪᠢ ᠬᠥᠮᠥᠨ ᠤ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠶᠢᠨ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠨᠢ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠬᠠᠮᠢᠶ᠎ᠠ ᠪᠦᠬᠦᠢ ᠭᠤᠶᠤᠴᠢᠯᠠᠯ ᠢ ᠬᠦᠯᠢᠶᠡᠨ | ᠠᠪᠴᠤ ᠰᠢᠢᠳᠪᠦᠷᠢᠯᠡᠬᠦ ᠳᠤ ᠪᠠᠨ᠂ ᠭᠠᠶᠢᠯᠢ ᠪᠠᠨ ᠪᠦᠬᠦᠨ ᠢ ᠲᠤᠰᠢᠶᠠᠭᠰᠠᠨ ᠭᠡᠷᠡᠴᠢ ᠪᠤᠶᠤ ᠭᠠᠶᠢᠯᠢ ᠶᠢᠨ | ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠭᠰᠠᠨ ᠪᠠᠶᠢᠳᠠᠯ ᠢ ᠨᠢ ᠬᠠᠤᠯᠢ ᠶᠣᠰᠣᠭᠠᠷ ᠪᠠᠶᠢᠴᠠᠭᠠᠨ | ᠰᠢᠯᠭᠠᠬᠤ ᠬᠡᠷᠡᠭᠲᠡᠢ︔ ᠬᠠᠩᠭᠠᠵᠤ ᠳᠡᠶᠢᠯᠬᠦ ᠦᠭᠡᠢ ᠳᠤ ᠨᠢ᠂ ᠤᠷᠢᠳ ᠢᠶᠠᠷ ᠭᠠᠶᠢᠯᠢ ᠪᠠᠨ ᠪᠦᠬᠦᠨ ᠢ ᠲᠤᠰᠢᠶᠠᠭᠰᠠᠨ | ᠭᠡᠷᠡᠴᠢ ᠶᠢ ᠣᠯᠬᠤ ᠪᠤᠶᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠪᠠᠷ ᠮᠡᠳᠡᠭᠳᠡᠬᠦ | ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢ ᠬᠦᠴᠦᠨ ᠦᠭᠡᠢ | ᠪᠣᠯᠭᠠᠭᠰᠠᠨ ᠮᠡᠳᠡᠭᠡ ᠵᠠᠩᠭᠢ ᠪᠠ ᠭᠠᠶᠢᠯᠢ ᠪᠠᠨ ᠪᠦᠬᠦᠨ ᠢ ᠲᠤᠰᠢᠶᠠᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ | ᠬᠠᠩᠭᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠲᠠᠲᠠᠪᠤᠷᠢᠯᠠᠵᠤ ᠬᠠᠮᠢᠶᠠᠷᠬᠤ ᠠᠵᠢᠯ ᠤᠨ ᠬᠠᠮᠵᠢᠯᠴᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠬᠠᠶᠢᠯᠠᠭᠰᠠᠨ ᠠᠵᠢᠯ ᠢ ᠬᠤᠯᠪᠤᠭᠠᠯᠠᠨ ᠭᠦᠢᠴᠡᠳᠬᠡᠬᠦ᠂ | ᠮᠡᠳᠡᠭᠦᠯᠵᠦ ᠲᠤᠰᠢᠶᠠᠯᠭᠠᠬᠤ ᠪᠠᠷ ᠰᠢᠮᠳᠠᠭᠤᠯᠬᠤ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠠᠲᠠᠪᠤᠷᠢᠯᠠᠭᠰᠠᠨ ᠭᠠᠶᠢᠯᠢ ᠶᠢᠨ | ᠪᠤᠰᠤ ᠣᠷᠣᠯᠭ᠎ᠠ ᠶᠢᠨ ᠵᠦᠢᠯᠡᠰ ᠲᠤ᠂ ᠭᠠᠶᠢᠯᠢ ᠶᠢᠨ ᠪᠤᠰᠤ ᠣᠷᠣᠯᠭ᠎ᠠ ᠶᠢᠨ ᠲᠤᠬᠠᠶᠢᠯᠠᠭᠰᠠᠨ ᠠᠵᠢᠯ ᠢ ᠭᠤᠣᠯᠴᠢᠯᠠᠨ | ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠨᠢ ᠲᠣᠭᠲᠠᠭᠠᠯ ᠶᠣᠰᠣᠭᠠᠷ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠦᠨᠡᠨ ᠪᠣᠳᠠᠲᠠᠢ᠂ ᠣᠨᠣᠪᠴᠢᠲᠠᠢ ᠭᠠᠶᠢᠯᠢ ᠰᠦᠢᠳᠬᠡᠯ ᠤᠨ ᠢᠷᠡᠯᠲᠡ ᠶᠢᠨ ᠮᠡᠳᠡᠭᠡ ᠵᠠᠩᠭᠢ ᠵᠢᠴᠢ | ᠲᠠᠲᠠᠪᠤᠷᠢᠯᠠᠬᠤ ᠮᠠᠲ᠋ᠧᠷᠢᠶᠠᠯ ᠬᠠᠩᠭᠠᠵᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠯᠴᠠᠵᠤ ᠪᠠᠶᠢᠭᠠᠳ | ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠶᠢᠨ ᠪᠤᠰᠤ ᠣᠷᠣᠯᠭ᠎ᠠ ᠶᠢᠨ ᠲᠤᠬᠠᠶᠢᠯᠠᠭᠰᠠᠨ ᠠᠵᠢᠯ ᠤᠨ | ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠵᠢᠴᠢ ᠡᠳ᠋ ᠤᠨ ᠵᠠᠰᠠᠭ ᠤᠨ ᠰᠠᠯᠠᠭ᠎ᠠ ᠮᠥᠴᠢᠷ᠂ | ᠠᠷᠠᠳ ᠤᠨ ᠪᠠᠩᠬᠢ ᠳᠤ ᠬᠠᠮᠢᠶ᠎ᠠ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠭᠰᠠᠨ ᠮᠡᠳᠡᠭᠡ ᠵᠠᠩᠭᠢ ᠶᠢ | ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠠᠷᠠᠳ ᠤᠨ ᠰᠢᠭᠦᠬᠦ | ᠬᠤᠷᠢᠶ᠎ᠠ ᠯᠤᠭ᠎ᠠ ᠬᠠᠮᠵᠢᠯᠴᠠᠬᠤ ᠲᠣᠭᠲᠠᠴᠠ ᠪᠠᠶᠢᠭᠤᠯᠵᠤ᠂ ᠠᠷᠠᠳ ᠤᠨ ᠰᠢᠭᠦᠬᠦ ᠬᠤᠷᠢᠶ᠎ᠠ ᠠᠯᠪᠠᠳᠠᠨ | ᠭᠦᠢᠴᠡᠳᠬᠡᠭᠦᠯᠬᠦ᠂ ᠠᠵᠤ ᠠᠬᠤᠶᠢᠯᠠᠯ ᠳᠠᠮᠫᠤᠷᠠᠵᠤ ᠨᠠᠷᠢᠪᠴᠢᠯᠠᠨ ᠲᠣᠭᠠᠴᠠᠭᠠᠯᠠᠬᠤ ᠳᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠨᠢ ᠲᠡᠭᠦᠨ ᠤ ᠬᠠᠤᠯᠢ ᠶᠣᠰᠣᠭᠠᠷ ᠭᠠᠶᠢᠯᠢ ᠶᠢᠨ ᠮᠥᠩᠭᠦ ᠶᠢ ᠬᠠᠮᠵᠢᠨ ᠲᠠᠲᠠᠪᠤᠷᠢᠯᠠᠬᠤ ᠶᠢ ᠭᠤᠶᠤᠴᠢᠯᠠᠵᠤ | ᠪᠣᠯᠣᠨ᠎ᠠ᠃ | ᠠᠷᠪᠠᠨ ᠳᠣᠯᠣᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ ᠶᠢᠨ ᠬᠠᠤᠯᠢ ᠬᠡᠷᠡᠭᠵᠢᠭᠦᠯᠬᠦ ᠶᠢᠨ | ᠵᠣᠯᠭᠠᠯᠳᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠴᠠᠭᠳᠠᠭ᠎ᠠ ᠭᠠᠶᠢᠯᠢ ᠶᠢᠨ ᠠᠵᠢᠯᠲᠠᠨ ᠬᠤᠯᠪᠤᠭᠠᠯᠠᠨ | ᠬᠡᠷᠡᠭ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠦᠢᠯᠡᠳᠪᠦᠷᠢᠯᠡᠯ ᠡᠵᠡᠩᠨᠡᠯᠲᠡ ᠬᠢᠵᠦ | ᠪᠠᠢᠭ᠎ᠠ ᠭᠠᠶᠢᠯᠢ ᠲᠤᠰᠢᠶᠠᠭᠴᠢ᠂ ᠰᠠᠭᠤᠯᠭᠠᠨ ᠲᠤᠰᠢᠶᠠᠬᠤ ᠡᠭᠦᠷᠭᠡᠳᠡᠨ ᠤ ᠪᠠᠩᠬᠢ ᠪᠤᠶᠤ ᠪᠤᠰᠤᠳ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠠᠬᠢ ᠬᠠᠳᠠᠭᠠᠯᠠᠮᠵᠢ ᠶᠢᠨ ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠶᠢᠴᠠᠭᠠᠨ | ᠯᠠᠪᠯᠠᠵᠤ ᠪᠣᠯᠣᠨ᠎ᠠ᠃ | ᠬᠥᠮᠥᠨ ᠬᠡᠷᠡᠭᠯᠡᠬᠦ ᠨᠢᠭᠡᠴᠢ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠰᠡᠨ | ᠪᠠᠶᠢᠲᠠᠯ᠎ᠠ ᠲᠤᠰᠢᠶᠠᠭᠰᠠᠨ ᠦᠭᠡᠢ ᠪᠤᠶᠤ ᠭᠦᠢᠴᠡᠳ ᠨᠥᠬᠦᠪᠦᠷᠢᠯᠡᠭᠰᠡᠨ ᠦᠭᠡᠢ ᠪᠠᠶᠢᠪᠠᠯ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠨᠢ ᠪᠠᠩᠬᠢ ᠪᠠ ᠪᠤᠰᠤᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠡᠭᠦᠨ ᠤ ᠬᠠᠳᠠᠭᠠᠯᠠᠮᠵᠢ ᠶᠢᠨ | ᠳᠠᠩᠰᠠᠨ ᠡᠷᠦᠬᠡ ᠶᠢ ᠨᠢ ᠬᠠᠤᠯᠢ ᠶᠣᠰᠣᠭᠠᠷ ᠪᠠᠶᠢᠴᠠᠭᠠᠨ ᠯᠠᠪᠯᠠᠵᠤ ᠪᠣᠯᠣᠨ᠎ᠠ᠃ | ᠠᠷᠪᠠ ᠶᠢᠰᠦᠳᠦᠭᠡᠷ ᠵᠦᠢᠯ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠨᠢ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠠᠴᠠ ᠭᠠᠶᠢᠯᠢ ᠰᠦᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ | ᠵᠢᠴᠢ ᠭᠠᠶᠢᠯᠢ ᠰᠦᠢᠳᠬᠡᠯ ᠲᠤᠰᠢᠶᠠᠬᠤ ᠳᠡᠰ ᠳᠠᠷᠠᠭᠠᠯᠠᠯ ᠪᠠ ᠱᠠᠭᠠᠷᠳᠠᠯᠭ᠎ᠠ ᠶᠢ ᠣᠶᠢᠯᠠᠭᠠᠬᠤ ᠡᠷᠬᠡ ᠲᠠᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠥᠷᠥ ᠶᠢᠨ | ᠪᠣᠳᠣᠯᠭ᠎ᠠ ᠶᠢᠨ ᠵᠥᠪᠯᠡᠯᠭᠡ ᠥᠭᠬᠦ᠂ ᠭᠠᠶᠢᠯᠢ ᠰᠦᠢᠳᠬᠡᠯ ᠲᠤᠰᠢᠶᠠᠬᠤ ᠶᠢ ᠬᠠᠪᠰᠤᠷᠤᠨ ᠵᠢᠯᠤᠭᠤᠳᠬᠤ ᠵᠡᠷᠭᠡ | ᠦᠢᠯᠡᠴᠢᠯᠡᠭᠡ ᠶᠢ ᠬᠠᠤᠯᠢ ᠶᠣᠰᠣᠭᠠᠷ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ᠃ | ᠬᠤᠷᠢᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠭᠠᠶᠢᠯᠢ ᠰᠦᠢᠳᠬᠡᠯ ᠤᠨ ᠦᠢᠯᠡᠴᠢᠯᠡᠭᠡᠨ ᠤ | ᠠᠷᠭ᠎ᠠ ᠪᠠᠨ ᠲᠡᠭᠦᠯᠳᠡᠷᠵᠢᠭᠦᠯᠵᠦ᠂ ᠭᠠᠶᠢᠯᠢ ᠰᠦᠢᠳᠬᠡᠯ ᠲᠤᠰᠢᠶᠠᠬᠤ᠂ ᠭᠠᠶᠢᠯᠢ ᠰᠦᠢᠳᠬᠡᠯ ᠪᠤᠴᠠᠭᠠᠬᠤ ᠵᠡᠷᠭᠡ | ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ᠂ ᠭᠠᠶᠢᠯᠢ ᠰᠦᠢᠳᠬᠡᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠤ ᠪᠠᠨ ᠭᠦᠢᠴᠡᠳᠬᠡᠬᠦ᠂ ᠦᠪᠡᠰᠦᠪᠡᠨ ᠭᠦᠢᠴᠡᠳᠬᠡᠬᠦ᠂ ᠰᠠᠯᠠᠭ᠎ᠠ ᠮᠥᠴᠢᠷ | ᠠᠯᠤᠰᠯᠠᠨ ᠬᠤᠯᠪᠤᠭᠠᠯᠠᠨ ᠭᠦᠢᠴᠡᠳᠬᠡᠬᠦ᠂ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠵᠡᠷᠭᠡ ᠶᠢ ᠠᠬᠢᠭᠤᠯᠤᠨ | ᠂ ᠭᠠᠶᠢᠯᠢ ᠰᠦᠢᠳᠬᠡᠯ ᠲᠤᠰᠢᠶᠠᠬᠤ ᠦᠢᠯᠡᠴᠢᠯᠡᠭᠡᠨ ᠤ ᠨᠠᠷᠢᠯᠢᠭᠵᠢᠭᠤᠯᠤᠭᠰᠠᠨ᠂ ᠳᠥᠭᠦᠮᠴᠢᠯᠡᠭᠰᠡᠨ᠂ | ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠡᠯᠧᠺᠳ᠋ᠷᠣᠨ ᠪᠠᠷᠢᠮᠲᠠ ᠶᠢᠨ | ᠬᠡᠷᠡᠭᠯᠡᠯᠲᠡ ᠶᠢ ᠳᠡᠯᠭᠡᠷᠡᠭᠦᠯᠵᠦ᠂ ᠡᠯᠧᠺᠳ᠋ᠷᠣᠨ ᠪᠠᠷᠢᠮᠲᠠ ᠯᠤᠭ᠎ᠠ ᠬᠠᠷᠢᠯᠴᠠᠨ ᠵᠣᠬᠢᠴᠠᠯᠳᠤᠭᠰᠠᠨ ᠦᠢᠯᠡᠴᠢᠯᠡᠭᠡᠨ ᠤ | ᠵᠠᠭᠪᠤᠷ ᠢ ᠪᠠᠶᠢᠭᠤᠯᠵᠤ᠂ ᠭᠠᠶᠢᠯᠢ ᠲᠤᠰᠢᠶᠠᠭᠴᠢ ᠳᠤ ᠡᠯᠧᠺᠲᠷᠣᠨ ᠪᠠᠷᠢᠮᠲᠠ ᠭᠠᠷᠭᠠᠬᠤ᠂ ᠬᠡᠷᠡᠭᠯᠡᠬᠦ ᠳᠤ ᠨᠢ ᠳᠥᠭᠦᠮ | ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠤᠯᠤᠰ ᠤᠨ ᠲᠣᠭᠲᠠᠭᠠᠯ ᠶᠣᠰᠣᠭᠠᠷ ᠨᠢᠭᠲᠠᠯᠠᠨ | ᠪᠣᠳᠣᠭᠴᠢ ᠶᠢᠨ ᠪᠠᠷᠢᠮᠲᠠ ᠶᠢ ᠡᠯᠧᠺᠳ᠋ᠷᠣᠨᠴᠢᠯᠠᠨ ᠳᠠᠩᠰᠠ ᠲᠠᠶᠢᠯᠬᠤ᠂ ᠳᠠᠩᠰᠠᠯᠠᠬᠤ᠂ ᠳᠠᠩᠰᠠ ᠡᠪᠬᠡᠮᠡᠯ ᠳᠤ | ᠣᠷᠣᠭᠤᠯᠬᠤ ᠵᠡᠷᠭᠡ ᠠᠵᠢᠯ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ | ᠪᠠᠶᠢᠭᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠡᠯᠧᠺᠲ᠋ᠣᠷᠣᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ | ᠰᠦᠢᠳᠬᠡᠯ ᠲᠠᠲᠠᠪᠤᠷᠢᠯᠠᠨ ᠲᠤᠰᠢᠶᠠᠬᠤ ᠲᠤᠬᠠᠢ ᠬᠠᠮᠢᠶ᠎ᠠ ᠪᠦᠬᠦᠢ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠷᠭᠤᠯᠳᠤᠭᠠᠨ ᠵᠢᠭᠤᠷᠠᠯᠳᠤᠭᠠᠨ ᠢ ᠴᠠᠭ ᠲᠤᠬᠠᠢ ᠳᠤ ᠨᠢ | ᠰᠢᠢᠳᠪᠦᠷᠢᠯᠡᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠭᠠᠶᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠢ ᠦᠢᠯᠡᠴᠢᠯᠡᠭᠡᠨ ᠤ | ᠪᠠᠶᠢᠭᠤᠯᠤᠮᠵᠢ ᠶᠢᠨ ᠲᠤᠰᠬᠠᠢ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠡᠮᠵᠢᠵᠦ᠂ | ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠳᠤ ᠲᠤᠰᠬᠠᠶᠢᠵᠢᠭᠰᠠᠨ᠂ ᠵᠢᠷᠤᠮᠵᠢᠭᠰᠠᠨ᠂ ᠥᠪᠡᠷᠮᠢᠴᠡ ᠭᠠᠶᠢᠯᠢ | ᠰᠦᠢᠳᠬᠡᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ | ᠭᠠᠶᠢᠯᠢ ᠰᠦᠢᠳᠬᠡᠯ ᠳᠤ ᠬᠤᠯᠪᠣᠭᠳᠠᠭᠰᠠᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠳᠠᠬᠢ ᠠᠵᠢᠯ ᠡᠷᠬᠢᠯᠡᠯᠲᠡ ᠶᠢᠨ | ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠭᠠᠶᠢᠯᠢ ᠰᠦᠢᠳᠬᠡᠯ ᠲᠤᠰᠢᠶᠠᠬᠤ ᠶᠢᠨ ᠢᠲᠡᠭᠡᠮᠵᠢ ᠶᠢ ᠦᠨᠡᠯᠡᠬᠦ ᠪᠠ | ᠤᠷᠮᠠᠰᠢᠭᠤᠯᠬᠤ ᠵᠠᠯᠬᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠶᠢᠨ ᠢᠲᠡᠭᠡᠮᠵᠢ ᠶᠢᠨ ᠬᠥᠳᠡᠯᠦᠩᠭᠦᠢ ᠵᠡᠷᠭᠡ ᠳᠡᠰ ᠤᠨ ᠲᠥᠷᠥᠯ ᠠᠩᠭᠢᠯᠠᠭᠰᠠᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠴᠥᠮ ᠭᠠᠶᠢᠯᠢ | ᠰᠦᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠠᠷᠭ᠎ᠠ ᠶᠢ ᠵᠥᠷᠢᠴᠡᠭᠰᠡᠨ ᠦᠢᠯᠡ | ᠠᠵᠢᠯᠯᠠᠭ᠎ᠠ ᠨᠤᠭᠤᠳ ᠢ ᠢᠯᠡᠴᠢᠯᠡᠨ ᠮᠡᠳᠡᠭᠦᠯᠬᠦ ᠡᠷᠬᠡ ᠲᠠᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ | ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠤᠭᠰᠠᠨ ᠤ ᠳᠠᠷᠠᠭ᠎ᠠ ᠬᠠᠤᠯᠢ ᠶᠣᠰᠣᠭᠠᠷ ᠴᠠᠭ ᠲᠤᠬᠠᠢ ᠳᠤ ᠨᠢ | ᠰᠢᠢᠳᠪᠦᠷᠢᠯᠡᠬᠦ ᠬᠡᠷᠡᠭᠲᠡᠢ ᠪᠥᠭᠡᠳ ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ | ᠨᠢᠭᠤᠴᠠ ᠶᠢ ᠬᠠᠮᠠᠭᠠᠯᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠭᠡᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠨᠢᠭᠡᠴᠢ ᠨᠦᠭᠦᠳ ᠭᠤᠣᠯᠳᠠᠯᠭ᠎ᠠ ᠲᠠᠢ ᠲᠦᠭᠰᠢᠭᠦᠷᠢ ᠶᠢᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠲᠦᠭᠰᠢᠭᠦᠷᠢ ᠶᠢ ᠬᠥᠳᠡᠯᠦᠩᠭᠦᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠴᠢᠬᠤᠯᠠ | ᠶᠡᠭᠡ ᠭᠠᠶᠢᠯᠢ ᠲᠠᠲᠠᠪᠤᠷᠢ ᠶᠢᠨ ᠲᠦᠭᠰᠢᠭᠦᠷᠢ ᠶᠢ ᠴᠠᠭ ᠲᠤᠬᠠᠢ ᠳᠤ ᠨᠢ ᠢᠯᠡᠷᠡᠭᠦᠯᠵᠦ᠂ ᠪᠦᠲᠦᠮᠵᠢᠲᠡᠢ ᠰᠡᠷᠭᠡᠶᠢᠯᠡᠬᠦ | ᠬᠡᠷᠡᠭᠲᠡᠢ᠃ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ | ᠬᠠᠮᠲᠤᠷᠠᠯᠴᠠᠨ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠭᠠᠶᠢᠯᠢ ᠰᠦᠢᠳᠬᠡᠯ ᠳᠤ | ᠬᠤᠯᠪᠣᠭᠳᠠᠬᠤ ᠬᠤᠯᠪᠤᠭᠠᠯᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠭᠠᠶᠢᠯᠢ ᠰᠦᠢᠳᠬᠡᠯ ᠳᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠬᠠᠤᠯᠢ ᠶᠣᠰᠣᠭᠠᠷ ᠴᠠᠭ | ᠲᠤᠬᠠᠢ ᠳᠤ ᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠭᠠᠶᠢᠯᠢ ᠲᠤᠰᠢᠶᠠᠭᠴᠢ ᠰᠦᠢᠳᠬᠡᠯ | ᠲᠤᠰᠢᠶᠠᠭᠴᠢ ᠶᠢᠨ ᠭᠠᠶᠢᠯᠢ ᠰᠦᠢᠳᠬᠡᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠣᠯᠵᠤ | ᠮᠡᠳᠡᠪᠡᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ | ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ | ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠬᠤᠷᠢᠨ ᠨᠠᠢᠮᠠᠳᠤᠭᠠᠷ ᠵᠦᠢᠯ ᠭᠠᠶᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ | ᠠᠵᠢᠯ ᠤᠨ ᠶᠠᠪᠤᠴᠠ ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ | ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ | ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ | ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢ ᠶᠢᠰᠦᠳᠦᠭᠡᠷ ᠵᠦᠢᠯ ᠲᠣᠰ ᠠᠷᠭ᠎ᠠ ᠶᠢ 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2018 ᠣᠨ ᠤ 8 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 235 ᠳ᠋ᠤᠭᠠᠷ ᠲᠣᠭᠠᠲᠤ ᠪᠠᠷ | ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠲᠠᠲᠠᠪᠤᠷᠢ ᠶᠢᠨ ᠪᠠᠲᠤᠯᠠᠭ᠎ᠠ ᠶᠢᠨ | ᠠᠷᠭ᠎ᠠ︾ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | |