︽ᠶᠤᠸᠠᠨ ᠪᠦᠦ ᠱᠠᠨ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠬᠠᠪᠰᠤᠷᠤᠨ ᠲᠡᠳᠬᠦᠬᠦ ︵ᠶᠠᠳᠠᠭᠤ ᠶᠢ ᠲᠡᠳᠬᠦᠬᠦ︶ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/18
    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠬᠠᠪᠰᠤᠷᠤᠨ ᠲᠡᠳᠬᠦᠬᠦ ︵ᠶᠠᠳᠠᠭᠤ ᠶᠢ ᠲᠡᠳᠬᠦᠬᠦ︶ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠴᠢᠩᠭᠠᠳᠬᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶᠎ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺ 64 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠬᠠᠪᠰᠤᠷᠤᠨ ᠲᠡᠳᠬᠦᠬᠦ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠬᠥᠳᠡᠭᠡ ᠲᠤᠰᠬᠤᠨ ᠲᠠᠷᠬᠠᠭᠠᠭᠰᠠᠨ ︹2023︺ 14 ᠳ᠋ᠦ᠋ᠭᠡᠷ ᠲᠣᠭᠠᠲᠤ︶᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ ︽ᠶᠤᠸᠠᠨ ᠪᠦᠦ ᠱᠠᠨ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠵᠤ ᠬᠠᠪᠰᠤᠷᠤᠨ ᠲᠡᠳᠬᠦᠬᠦ ︵ᠶᠠᠳᠠᠭᠤ ᠶᠢ ᠲᠡᠳᠬᠦᠬᠦ︶ ᠲᠥᠷᠥᠯ ᠵᠥᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾᠎ ᠢ ᠲᠣᠭᠲᠠᠭᠠᠪᠠ᠃    ᠨᠢᠭᠡ᠂ ᠬᠡᠷᠡᠭᠯᠡᠬᠦ ᠬᠡᠪᠴᠢᠶ᠎ᠡ᠄    2012 - 2020 ᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢᠶᠠᠷ ᠪᠦᠷᠢᠯᠳᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ᠂ 2021 ᠣᠨ ᠵᠢᠴᠢ ᠬᠤᠶᠢᠰᠢᠬᠢ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠢᠶᠠᠷ ᠪᠦᠷᠢᠯᠳᠦᠭᠰᠡᠨ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ᠃    ᠬᠤᠶᠠᠷ᠂ ︽ᠨᠠᠷᠢᠨ ᠳᠦᠷᠢᠮ︾᠎ ᠳᠠᠬᠢ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠤᠣᠯ ᠡᠭᠦᠷᠭᠡ᠄    ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠵᠠᠭᠠᠭᠯᠠᠨ ᠲᠣᠭᠲᠠᠭᠠᠬᠤ ᠵᠢᠴᠢ ᠡᠷᠬᠡ ᠶᠢ ᠨᠤᠲᠠᠯᠠᠨ ᠲᠣᠭᠲᠠᠭᠠᠬᠤ ᠳᠡᠰ ᠳᠠᠷᠠᠭᠠᠯᠠᠯ᠂ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠢᠴᠢ ᠲᠤᠰᠢᠶᠠᠭᠠᠳᠤᠢ ᠠᠰᠢᠭ ᠣᠯᠵᠠᠪᠤᠷᠢ ᠶᠢᠨ ᠱᠠᠭᠠᠷᠳᠠᠨ ᠲᠤᠰᠢᠶᠠᠯᠭᠠᠬᠤ ᠳᠡᠰ ᠳᠠᠷᠠᠭᠠᠯᠠᠯ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠬᠡᠯᠡᠯᠴᠡᠭᠡᠷ ᠲᠣᠭᠲᠠᠬᠤ ᠬᠦᠴᠦᠨ ᠵᠦᠢᠯ᠂ ᠲᠥᠷᠥᠯ ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠭᠤᠣᠯ ᠴᠢᠭᠯᠡᠯ᠂ ᠲᠥᠷᠥᠯ ᠵᠦᠢᠯ ᠤᠨ ᠡᠳ᠋ ᠬᠥᠷᠥᠩᠭᠡ ᠶᠢ ᠰᠢᠢᠳᠪᠦᠷᠢᠯᠡᠬᠦ ᠲᠥᠷᠥᠯ ᠬᠡᠯᠪᠡᠷᠢ ᠵᠢᠴᠢ ᠰᠢᠢᠳᠪᠦᠷᠢᠯᠡᠬᠦ ᠳᠡᠰ ᠳᠠᠷᠠᠭᠠᠯᠠᠯ᠃    ᠭᠤᠷᠪᠠ᠂ ᠪᠤᠰᠤᠳ ᠵᠦᠢᠯ    ᠲᠤᠰ ᠨᠠᠷᠢᠨ ᠳᠦᠷᠢᠮ ᠢ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1