ᠤᠯᠠᠭᠠᠨᠬᠠᠳᠠ ᠬᠤᠲᠠ ᠶᠢᠨ ᠶᠤᠸᠠᠨ ᠪᠣᠣ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ︽ᠶᠤᠸᠠᠨ ᠪᠦᠦ ᠱᠠᠨ ᠲᠣᠭᠤᠷᠢᠭ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠤᠯᠠᠭᠠᠨᠬᠠᠳᠠ ᠬᠤᠲᠠ ᠶᠢᠨ ᠶᠤᠸᠠᠨ ᠪᠣᠣ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ | ᠶᠤᠸᠠᠨ ᠪᠣᠣ ᠱᠠᠨ ᠵᠠᠰᠠᠭ ᠠᠯᠪᠠᠨ ᠥᠰᠥᠭ ﹇2024﹈ 18 ᠳ᠋ᠤᠭᠠᠷ ᠲᠣᠭᠠᠲᠤ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠳ᠋ᠦᠩ ᠴᠧᠩ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ᠡᠳᠦᠭᠡ ︽ᠶᠤᠸᠠᠨ ᠪᠦᠦ ᠱᠠᠨ ᠲᠣᠭᠤᠷᠢᠭ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠶ ᠰᠠᠶᠢᠲᠤᠷ ᠠᠳᠬᠤᠬᠤ ᠪᠣᠯᠪᠠ ᠦᠦ᠃ | | 2024 ᠣᠨ ᠤ 8 ᠰᠠᠷ᠎ᠠ ᠶᠢᠨ 14 ᠤ ᠡᠳᠦᠷ | | ᠶᠤᠸᠠᠨ ᠪᠦᠦ ᠱᠠᠨ ᠲᠣᠭᠤᠷᠢᠭ ᠤᠨ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠨ ᠬᠠᠮᠠᠭᠠᠯᠠᠬᠤ ᠠᠷᠭ᠎ᠠ ︵ᠲᠤᠷᠰᠢᠨ ᠬᠡᠷᠡᠭᠵᠢᠭᠦᠯᠬᠦ | ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠲᠠᠷᠢᠶᠠᠯᠠᠩ᠂ | ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠴᠢᠬᠤᠯᠠ ᠰᠠᠭᠤᠷᠢ ᠪᠡᠯᠡᠳᠬᠡᠮᠵᠢ ᠪᠣᠯᠤᠨ᠎ᠠ᠂ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠢ ᠬᠠᠮᠠᠭᠠᠯᠠᠵᠤ᠂ ︽ | ᠳᠠᠬᠢᠨ ᠪᠠᠶᠢᠭᠤᠯᠵᠤ ᠬᠠᠮᠢᠶᠠᠷᠬᠤ ᠶᠢ ᠬᠥᠩᠭᠡᠪᠴᠢᠯᠡᠬᠦ︾ ᠣᠳᠣᠬᠢ ᠪᠠᠶᠢᠳᠠᠯ ᠢ ᠬᠤᠪᠢᠷᠠᠭᠤᠯᠵᠤ᠂ | ᠪᠠᠶᠢᠭᠤᠯᠤᠭᠳᠠᠭᠰᠠᠨ ᠤ ᠳᠠᠷᠠᠭᠠᠬᠢ ᠬᠠᠮᠢᠶᠠᠷᠤᠯᠲᠠ ᠪᠠ ᠠᠷᠠᠴᠢᠯᠠᠯᠲᠠ ᠶᠢ ᠴᠢᠩᠭᠠᠳᠬᠠᠵᠤ᠂ ᠪᠠᠶᠢᠭᠤᠯᠬᠤ ᠪᠠ | ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠢᠨᠵᠧᠨᠧᠷᠢᠩ ᠤᠨ | ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠵᠤ᠂ ᠲᠡᠭᠦᠨ ᠢ ᠦᠷ᠎ᠡ ᠠᠰᠢᠭ ᠢ ᠨᠢ ᠦᠷᠭᠦᠯᠵᠢᠯᠡᠨ | ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠷᠭ᠎ᠠ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠬᠤᠶᠠᠳᠤᠭᠠᠷ ᠵᠦᠢᠯ ᠲᠣᠰ ᠲᠣᠭᠲᠠᠭᠠᠯ ᠢ ᠤᠯᠤᠰ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠬᠠᠮᠢᠶᠠᠷᠴᠤ | ᠬᠠᠮᠠᠭᠠᠯᠠᠬᠤ ᠳᠤ ᠬᠡᠷᠡᠭᠯᠡᠨ᠎ᠡ᠃ | ᠭᠤᠷᠪᠠᠳᠤᠭᠠᠷ ᠵᠦᠢᠯ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠭᠡᠳᠡᠭ ᠪᠣᠯ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠭᠠᠵᠠᠷ ᠤᠨ ᠬᠥᠷᠥᠰᠥ ᠰᠢᠷᠣᠶ᠂ ᠤᠰᠤᠯᠠᠬᠤ ᠤᠰᠤ | ᠲᠠᠲᠠᠷᠠᠭᠤᠯᠬᠤ ᠲᠠᠷᠢᠶᠠᠨ ᠭᠠᠵᠠᠷ ᠤᠨ ᠢᠨᠵᠧᠨᠧᠷᠢᠩ ᠤᠨ ᠲᠥᠬᠦᠭᠡᠷᠦᠮᠵᠢ᠂ ᠲᠠᠷᠢᠶᠠᠯᠠᠩ ᠤᠨ ᠤᠶᠤᠨᠴᠢᠯᠠᠭᠰᠠᠨ | ᠲᠥᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠲᠠᠷᠢᠶᠠᠨ ᠭᠠᠵᠠᠷ ᠤᠨ ᠴᠠᠬᠢᠯᠭᠠᠨ ᠳᠠᠮᠵᠢᠭᠤᠯᠵᠤ ᠲᠦᠭᠡᠭᠡᠬᠦ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠢ ᠵᠢᠴᠢ ᠢᠵᠢ ᠪᠦᠷᠢᠳᠦᠭᠦᠯᠬᠦ ᠳᠠᠭᠠᠯᠲᠠ ᠲᠥᠬᠦᠭᠡᠷᠦᠮᠵᠢ ᠶᠢ | ᠬᠠᠮᠢᠶᠠᠷᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠵᠢᠭᠠᠵᠤ ᠪᠠᠶᠢᠨ᠎ᠠ᠃ ᠪᠠᠷᠢᠯᠭ᠎ᠠ ᠶᠢᠨ ᠤᠤᠯ ᠤᠨ | ᠵᠢᠷᠤᠭ ᠲᠥᠯᠥᠪᠯᠡᠭᠡ ᠶᠢᠨ ᠴᠢᠳᠠᠮᠵᠢ ᠶᠢᠨ ᠠᠵᠢᠯᠯᠠᠭᠠᠨ ᠤ ᠬᠡᠪ ᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ | ᠳᠥᠷᠪᠡᠳᠦᠭᠡᠷ ᠵᠦᠢᠯ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠳᠤ ︽ᠬᠡᠨ ᠠᠰᠢᠭ ᠭᠥᠷᠳᠡᠪᠡᠯ ᠬᠡᠨ ᠬᠠᠮᠢᠶᠠᠷᠤᠨ | ᠬᠠᠮᠠᠭᠠᠯᠠᠵᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠬᠡᠷᠡᠭᠵᠢᠭᠦᠯᠵᠦ᠂ ᠬᠠᠮᠢᠶᠠᠷᠤᠨ | ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶᠢᠯᠠᠨ᠂ ᠬᠠᠮᠢᠶᠠᠷᠤᠨ ᠬᠠᠮᠠᠭᠠᠯᠠᠬᠤ ᠲᠦᠷᠢᠮ ᠢ ᠲᠣᠭᠲᠠᠭᠠᠵᠤ᠂ | ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠ ᠬᠠᠮᠢᠶᠠᠷᠤᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠤᠨ᠎ᠠ᠃ | ᠬᠤᠶᠠᠳᠤᠭᠠᠷ ᠪᠦᠯᠦᠭ ᠬᠠᠮᠢᠶᠠᠷᠤᠨ ᠬᠠᠮᠠᠭᠠᠯᠠᠬᠤ ᠠᠭᠤᠯᠭ᠎ᠠ ᠵᠢᠴᠢ ᠱᠠᠭᠠᠷᠳᠠᠯᠭ᠎ᠠ | ᠲᠠᠪᠤᠳᠤᠭᠠᠷ ᠵᠦᠢᠯ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠭᠤᠯᠭ᠎ᠠ ᠳᠤ ᠭᠤᠤᠯᠳᠠᠭᠤ᠄ | ︵ᠨᠢᠭᠡ︶ ᠭᠠᠵᠠᠷ ᠰᠢᠷᠤᠢ ᠶᠢ ᠲᠡᠭᠰᠢᠯᠡᠬᠦ ᠢᠨᠵᠧᠨᠧᠷᠢᠩ᠃ ᠲᠠᠷᠢᠶᠠᠨ ᠭᠠᠵᠠᠷ ᠤᠨ ᠥᠩᠭᠡᠨ ᠲᠠᠯ᠎ᠠ ᠶᠢᠨ | ᠲᠠᠷᠢᠶᠠᠯᠠᠬᠤ ᠬᠥᠷᠥᠰᠥ ᠰᠢᠷᠣᠶ ᠶᠢ ᠪᠠᠶᠢᠭᠠᠯᠢ ᠶᠢᠨ ᠪᠠ ᠵᠣᠷᠢᠭᠤᠳᠠ ᠡᠪᠳᠡᠭᠳᠡᠬᠦ ᠦᠭᠡᠢ ᠪᠠᠶᠢᠬᠤ ᠶᠢ ᠦᠨᠡᠨᠬᠦ | ᠪᠠᠲᠤᠯᠠᠵᠤ᠂ ᠱᠠᠲᠤᠨ ᠲᠠᠷᠢᠶᠠᠨ ᠤ ᠲᠠᠷᠢᠶᠠᠨ ᠭᠠᠵᠠᠷ ᠤᠨ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠶ︔ | ︵ᠬᠤᠶᠠᠷ︶ ᠤᠰᠤᠯᠠᠬᠤ ᠪᠠ ᠤᠰᠤ ᠵᠠᠯᠠᠬᠤ ᠪᠠᠷᠢᠯᠭ᠎ᠠ᠃ ᠤᠰᠤᠨ ᠰᠤᠷᠪᠤᠯᠵᠢ ᠶᠢᠨ ᠪᠠᠷᠢᠯᠭ᠎ᠠ᠂ ᠤᠰᠤᠯᠠᠬᠤ | ᠤᠰᠤ ᠵᠠᠯᠠᠬᠤ ᠵᠠᠮ ᠬᠢᠭᠡᠳ ᠬᠤᠭᠤᠯᠠᠶ ᠶᠢᠨ ᠲᠣᠤᠷ᠂ ᠲᠠᠷᠢᠶᠠᠨ ᠭᠠᠵᠠᠷ ᠤᠨ ᠳᠠᠭᠠᠯᠲᠠ ᠪᠡᠯᠡᠳᠬᠡᠮᠵᠢ ᠵᠡᠷᠭᠡ ᠶᠢ | ᠬᠡᠪ ᠤᠨ ᠶᠣᠰᠣᠭᠠᠷ ᠬᠡᠷᠡᠭᠯᠡᠬᠦ ᠶᠢ ᠪᠠᠲᠤᠯᠠᠵᠤ᠂ ᠠᠮᠤᠷ ᠲᠦᠪᠰᠢᠨ ᠤ ᠳᠠᠯᠳᠠ ᠭᠡᠮ ᠥᠬᠡᠶ ᠪᠠᠶᠢᠵᠤ᠂ ᠲᠣᠭᠲᠠᠭᠠᠭᠰᠠᠨ | ᠤᠰᠤᠯᠠᠯᠲᠠ ᠶᠢᠨ ᠵᠢᠷᠤᠭ ᠲᠥᠯᠥᠪᠯᠡᠭᠡ ᠶᠢᠨ ᠪᠠᠲᠤᠯᠠᠬᠤ ᠨᠣᠷᠮ᠎ᠠ ᠪᠠ ᠤᠰᠤ ᠵᠠᠯᠠᠬᠤ ᠱᠠᠭᠠᠷᠳᠠᠯᠭ᠎ᠠ ᠶᠢ ᠬᠠᠩᠭᠠᠨ᠎ᠠ᠃ | ︵ᠭᠤᠷᠪᠠ︶ ᠲᠠᠷᠢᠶᠠᠨ ᠵᠠᠮ ᠤᠨ ᠪᠠᠷᠢᠯᠭ᠎ᠠ᠃ ᠵᠠᠮ ᠤᠨ ᠰᠢᠰᠲ᠋ᠧᠮ ᠤᠨ ᠪᠦᠷᠢᠨ ᠪᠦᠲᠦᠨ ᠪᠠᠶᠢᠬᠤ ᠶᠢ | ᠪᠠᠲᠤᠯᠠᠵᠤ᠂ ᠵᠠᠮ ᠤᠨ ᠭᠠᠳᠠᠷᠭᠤ ᠶᠢ ᠲᠡᠭᠰᠢᠯᠡᠨ ᠰᠠᠭᠠᠳ ᠦᠭᠡᠢ ᠨᠡᠪᠲᠡᠷᠡᠭᠦᠯᠦᠨ᠎ᠡ᠃ | ︵ᠲᠦᠷᠪᠡ︶ ᠲᠠᠷᠢᠶᠠᠯᠠᠩ ᠤᠨ ᠬᠠᠮᠠᠭᠠᠯᠠᠯᠲᠠ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ | ᠢᠨᠵᠧᠨᠧᠷᠢᠩ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠢᠨᠵᠧᠨᠧᠷᠢᠩ ᠢ ᠲᠡᠭᠦᠯᠳᠡᠷᠵᠢᠭᠦᠯᠵᠦ᠂ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠨ᠎ᠠ᠃ | ︵ᠲᠠᠪᠤ︶ ᠲᠠᠷᠢᠶᠠᠨ ᠭᠠᠵᠠᠷ ᠤᠨ ᠴᠠᠬᠢᠯᠭᠠᠨ ᠬᠥᠷᠭᠡᠵᠦ ᠬᠤᠪᠢᠶᠠᠷᠢᠯᠠᠬᠤ ᠢᠨᠵᠧᠨᠧᠷᠢᠩ᠃ ᠴᠠᠬᠢᠯᠭᠠᠨ ᠬᠥᠷᠭᠡᠵᠦ | ᠬᠤᠪᠢᠶᠠᠷᠢᠯᠠᠬᠤ ᠤᠳᠠᠰᠤ᠂ ᠰᠤᠷᠠᠭ ᠳᠣᠬᠢᠶᠠᠨ ᠴᠠᠬᠢᠯᠭᠠᠨ ᠤ ᠪᠡᠯᠡᠳᠬᠡᠮᠵᠢ᠂ ᠪᠠᠭᠤᠷᠠᠶ ᠴᠠᠬᠢᠯᠭᠠᠨ ᠤ ᠪᠡᠯᠡᠳᠬᠡᠮᠵᠢ | ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠪᠠᠷᠢᠯᠭ᠎ᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠵᠢᠯᠯᠠᠭᠠᠨ ᠨᠢ | ᠠᠮᠤᠷ ᠲᠦᠪᠰᠢᠨ᠂ ᠬᠦᠷᠢᠶ᠎ᠡ ᠬᠠᠰᠢᠶ᠎ᠠ ᠪᠠ ᠰᠡᠷᠡᠮᠵᠢ ᠶᠢᠨ ᠲᠡᠮᠳᠡᠭ ᠨᠢ ᠪᠦᠷᠢᠨ ᠪᠦᠲᠦᠨ ᠪᠠᠶᠢᠬᠤ ᠶᠢ ᠪᠠᠲᠤᠯᠠᠵᠤ᠂ | ᠳᠣᠤᠷ᠎ᠠ ᠬᠦᠴᠦᠳᠡᠯᠲᠦ ᠴᠠᠬᠢᠯᠭᠠᠨ ᠬᠦᠷᠭᠡᠬᠦ ᠬᠡᠯᠬᠢᠶ᠎ᠡ ᠨᠢ ᠤᠰᠤᠯᠠᠬᠤ ᠤᠰᠤ ᠵᠠᠯᠠᠬᠤ ᠪᠡᠯᠡᠳᠬᠡᠮᠵᠢ ᠶᠢᠨ ᠠᠵᠢᠯᠯᠠᠭᠠᠨ᠂ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠩᠭᠠᠨ᠎ᠠ︔ | ︵ᠵᠢᠷᠭᠤᠭ᠎ᠠ︶ ᠢᠯᠡᠷᠬᠡᠶᠢᠯᠡᠬᠦ ᠫᠠᠶᠢᠰᠠ ᠪᠠ ᠲᠡᠮᠳᠡᠭ᠃ ᠢᠯᠡᠷᠬᠡᠶᠢᠯᠡᠬᠦ ᠫᠠᠶᠢᠰᠠ ᠪᠠ ᠲᠡᠮᠳᠡᠭ ᠪᠦᠷᠢᠨ ᠪᠦᠲᠦᠨ᠂ | ᠮᠡᠳᠡᠭᠡ ᠵᠠᠩᠭᠢ ᠪᠦᠷᠢᠨ ᠪᠦᠲᠦᠨ᠂ ᠪᠡᠯᠡᠳᠬᠡᠮᠵᠢ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠶ᠃ | ︵ᠳᠤᠯᠤᠭ᠎ᠠ︶ ᠲᠠᠷᠢᠶᠠᠯᠠᠩ ᠤᠨ ᠤᠶᠤᠨᠴᠢᠯᠠᠭᠰᠠᠨ ᠲᠥᠬᠦᠭᠡᠷᠦᠮᠵᠢ᠃ ᠭᠡᠷ ᠳᠣᠲᠣᠷᠠᠬᠢ ᠪᠡᠯᠡᠳᠬᠡᠮᠵᠢ ᠪᠠ | ᠲᠠᠷᠢᠶᠠᠨ ᠭᠠᠵᠠᠷ ᠤᠨ ᠳᠣᠲᠣᠷᠠᠬᠢ ᠤᠶᠤᠨᠴᠢᠯᠠᠭᠰᠠᠨ ᠪᠡᠯᠡᠳᠬᠡᠮᠵᠢ ᠢᠯᠠᠩᠭᠤᠶ᠎ᠠ ᠡᠯᠧᠺᠳ᠋ᠷᠣᠨ ᠪᠡᠯᠡᠳᠬᠡᠮᠵᠢ ᠶᠢᠨ | ᠪᠦᠷᠢᠨ ᠪᠦᠲᠦᠨ ᠪᠠᠶᠢᠬᠤ ᠶᠢ ᠪᠠᠲᠤᠯᠠᠨ ᠡᠵᠡᠮᠳᠡᠵᠦ᠂ ᠵᠢᠷᠤᠮᠵᠢᠭᠤᠯᠤᠨ ᠬᠡᠷᠡᠭᠯᠡᠵᠦ᠂ ᠲᠣᠭᠲᠠᠮᠠᠯ | ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ ᠬᠡᠷᠡᠭᠲᠡᠶ᠃ | ᠵᠢᠷᠭᠤᠳᠤᠭᠠᠷ ᠵᠦᠢᠯ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠬᠠᠮᠢᠶ᠎ᠠ ᠪᠥᠬᠦᠶ ᠲᠦᠷᠢᠮ ᠲᠣᠭᠲᠠᠭᠠᠯ᠂ | ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠪᠠᠷᠢᠯᠭ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ᠂ ᠠᠷᠠᠴᠢᠯᠠᠨ ᠬᠠᠮᠠᠭᠠᠯᠠᠬᠤ᠂ ᠬᠠᠳᠠᠭᠠᠯᠠᠨ | ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠳᠣᠯᠣᠳᠤᠭᠠᠷ ᠵᠦᠢᠯ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠲᠤᠰᠬᠠᠶ ᠬᠥᠮᠦᠨ ᠳᠣᠭᠢᠷᠠᠭᠤᠯᠤᠨ | ᠪᠠᠶᠢᠩᠭᠤ ᠶᠢᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠲᠣᠭᠤᠷᠢᠨ ᠪᠠᠶᠢᠴᠠᠭᠠᠵᠤ᠂ ᠲᠠᠷᠢᠶᠠᠨ ᠭᠠᠵᠠᠷ ᠤᠨ ᠪᠠᠷᠢᠯᠭ᠎ᠠ ᠶᠢᠨ ᠪᠡᠯᠡᠳᠬᠡᠮᠵᠢ ᠶᠢᠨ ᠠᠵᠢᠯᠯᠠᠭᠠᠨ ᠤ | ᠬᠠᠮᠠᠭᠠᠯᠠᠯᠲᠠ ᠶᠢᠨ ᠪᠠᠶᠢᠳᠠᠯ ᠢ ᠮᠥᠷᠳᠡᠨ ᠲᠡᠮᠳᠡᠭᠯᠡᠵᠦ᠂ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠮᠥᠷᠳᠡᠵᠦ | ᠪᠣᠯᠬᠤ᠂ ᠳᠠᠬᠢᠨ ᠪᠠᠶᠢᠴᠠᠭᠠᠵᠤ ᠪᠣᠯᠬᠤ ᠶᠢ ᠪᠠᠲᠤᠯᠠᠬᠤ ᠬᠡᠷᠡᠭᠲᠡᠶ᠃ | ᠨᠠᠢᠮᠠᠳᠤᠭᠠᠷ ᠵᠦᠢᠯ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠪᠴᠢᠶᠡᠨ | ᠳᠣᠲᠣᠷᠠᠬᠢ ᠪᠠᠷᠢᠯᠭ᠎ᠠ ᠶᠢᠨ ᠪᠡᠯᠡᠳᠬᠡᠮᠵᠢ ᠳᠤ ᠬᠡᠷᠪᠡ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠥᠬᠡᠶ ᠪᠠᠶᠢᠳᠠᠯ | ᠭᠠᠷᠪᠠᠯ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠨᠢ ᠴᠠᠭ ᠲᠤᠬᠠᠶ ᠳᠤᠨᠢ ᠲᠤᠰᠬᠠᠶ ᠬᠥᠮᠦᠨ ᠳᠣᠭᠢᠷᠠᠭᠤᠯᠤᠨ | ᠰᠢᠢᠳᠪᠦᠷᠢᠯᠡᠵᠦ᠂ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ᠃ ᠬᠡᠷᠪᠡ ᠰᠢᠢᠳᠪᠦᠷᠢᠯᠡᠬᠦ ᠠᠵᠢᠯ ᠤᠨ | ᠬᠡᠮᠵᠢᠶ᠎ᠡ ᠶᠡᠭᠡ᠂ ᠬᠡᠷᠡᠭᠯᠡᠬᠦ ᠴᠠᠭ ᠨᠡᠯᠢᠶᠡᠳ ᠣᠷᠳᠣ ᠪᠠᠶᠢᠪᠠᠯ᠂ ᠬᠡᠪ ᠤᠨ ᠪᠠᠶᠢᠳᠠᠯ ᠢᠶᠠᠷ ᠡᠪᠳᠡᠷᠡᠵᠦ ᠰᠦᠢᠳᠦᠭᠰᠡᠨ ᠢ | ᠲᠥᠷᠥᠯ ᠵᠦᠢᠯ ᠤᠨ ᠪᠠᠶᠢᠭ᠎ᠠ ᠭᠠᠵᠠᠷ ᠤᠨ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ ᠠᠴᠠ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠦᠨᠡᠬᠡᠷ ᠪᠡᠯᠡ ᠮᠥᠩᠭᠦ ᠬᠡᠷᠡᠭᠰᠡᠬᠦ ᠪᠠᠶᠢᠪᠠᠯ ᠰᠡᠭᠦᠯᠴᠢ ᠶᠢᠨ ᠬᠤᠭᠤᠴᠠᠭᠠᠨ ᠤ | ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠬᠦ ᠪᠠᠷ ᠭᠤᠶᠤᠴᠢᠯᠠᠵᠤ ᠪᠣᠯᠤᠨ᠎ᠠ᠃ | ᠭᠤᠷᠪᠠᠳᠤᠭᠠᠷ ᠪᠦᠯᠦᠭ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠬᠢᠭᠡᠳ ᠡᠭᠦᠷᠭᠡ ᠬᠠᠷᠢᠭᠤᠴᠠᠯᠭ᠎ᠠ | ᠶᠢᠰᠦᠳᠦᠭᠡᠷ ᠵᠦᠢᠯ ᠡᠯ᠎ᠡ ᠪᠠᠯᠭᠠᠰᠤ ᠰᠢᠶᠠᠩ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ | ᠲᠣᠪᠴᠢᠶ᠎ᠠ ᠨᠢ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ | ᠳᠠᠷᠠᠭ᠎ᠠ ᠬᠠᠮᠢᠶᠠᠷᠴᠤ ᠬᠠᠮᠠᠭᠠᠯᠠᠬᠤ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠵᠦ᠂ ᠬᠠᠮᠢᠶᠠᠷᠤᠨ ᠬᠠᠮᠠᠭᠠᠯᠠᠬᠤ | ᠲᠦᠷᠢᠮ ᠲᠣᠭᠲᠠᠭᠠᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠯᠲᠠ ᠲᠠᠯᠪᠢᠵᠤ ᠵᠢᠯᠣᠭᠤᠳᠬᠤ ᠪᠠ | ᠪᠠᠶᠢᠴᠠᠭᠠᠵᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ | ᠠᠷᠪᠠᠳᠤᠭᠠᠷ ᠵᠦᠢᠯ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠴᠤ | ᠬᠠᠮᠠᠭᠠᠯᠠᠬᠤ ᠭᠤᠤᠯ ᠴᠣᠭᠴᠠ ᠨᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ | ᠮᠠᠯᠵᠢᠬᠤ ᠣᠷᠤᠨ ᠤ ᠲᠣᠪᠴᠢᠶᠠᠨ ᠤ ᠵᠢᠯᠣᠭᠤᠳᠣᠯᠭ᠎ᠠ ᠬᠢᠨᠠᠯᠲᠠ ᠳᠣᠣᠷ᠎ᠠ᠂ ᠠᠰᠢᠭ ᠬᠦᠷᠲᠡᠬᠦ ᠬᠡᠪᠴᠢᠶ᠎ᠡ᠂ ᠠᠰᠢᠭ | ᠬᠦᠷᠲᠡᠬᠦ ᠡᠲᠡᠭᠡᠳ᠂ ᠣᠯᠠᠨ ᠲᠦᠮᠡᠨ ᠤ ᠬᠦᠰᠡᠯ ᠰᠠᠨᠠᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶᠠᠷᠴᠤ ᠬᠠᠮᠠᠭᠠᠯᠠᠬᠤ | ᠭᠤᠤᠯ ᠴᠣᠭᠴᠠ ᠶᠢ ᠲᠣᠭᠲᠠᠭᠠᠨ᠎ᠠ᠄ | ︵ᠨᠢᠭᠡ︶ ᠠᠰᠢᠭ ᠬᠦᠷᠲᠡᠬᠦ ᠬᠡᠪᠴᠢᠶ᠎ᠡ ᠶᠢ ᠨᠢ ᠲᠣᠰᠬᠤᠨ ᠤ ᠠᠷᠠᠳ ᠤᠨ ᠵᠥᠪᠯᠡᠯ ᠠᠴᠠ ᠰᠢᠭᠤᠳ | ᠬᠠᠷᠢᠭᠤᠴᠠᠬᠤ ᠪᠤᠶᠤ ᠠᠰᠢᠭ ᠬᠦᠷᠲᠡᠬᠦ ᠬᠡᠪᠴᠢᠶᠡᠨ ᠳᠣᠲᠣᠷᠠᠬᠢ ᠲᠠᠷᠢᠶᠠᠴᠢᠳ ᠤᠨ ᠲᠤᠰᠬᠠᠶ ᠠᠵᠢᠯ ᠤᠨ | ᠬᠤᠷᠰᠢᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠳᠤ ᠨᠠᠶᠢᠳᠠᠵᠤ ᠪᠠᠶᠢᠭᠠᠳ ᠬᠠᠮᠢᠶᠠᠷᠴᠤ ᠬᠠᠮᠠᠭᠠᠯᠠᠬᠤ ᠬᠡᠷᠡᠭᠲᠡᠶ᠃ | ᠠᠰᠢᠭ ᠬᠦᠷᠲᠡᠬᠦ ᠬᠡᠪᠴᠢᠶ᠎ᠡ ᠶᠢ ᠵᠠᠰᠠᠭ ᠵᠠᠬᠢᠷᠭᠠᠨ ᠤ ᠲᠣᠰᠬᠤᠨ ᠠᠯᠤᠰᠯᠠᠭᠰᠠᠨ ᠪᠣᠯ ᠪᠠᠯᠭᠠᠰᠤ ᠰᠢᠶᠠᠩ ᠤᠨ | ᠵᠠᠰᠠᠭ ᠤᠨ ᠣᠷᠳᠣᠨ ᠠᠴᠠ ᠰᠢᠭᠤᠳ ᠬᠠᠷᠢᠭᠤᠴᠠᠬᠤ ᠪᠤᠶᠤ ᠲᠣᠰᠬᠤᠨ ᠤ ᠠᠷᠠᠳ ᠤᠨ ᠵᠥᠪᠯᠡᠯ ᠳᠤ ᠬᠢᠨᠠᠯᠲᠠ | ᠲᠠᠯᠪᠢᠵᠤ ᠪᠠᠶᠢᠭᠠᠳ ᠬᠠᠮᠢᠶᠠᠷᠤᠨ ᠬᠠᠮᠠᠭᠠᠯᠠᠬᠤ ᠬᠡᠷᠡᠭᠲᠡᠶ᠃ ᠠᠰᠢᠭ ᠬᠦᠷᠲᠡᠬᠦ ᠬᠡᠪᠴᠢᠶ᠎ᠡ ᠨᠢ ᠪᠠᠯᠭᠠᠰᠤ ᠰᠢᠶᠠᠩ | ᠠᠯᠤᠰᠯᠠᠭᠰᠠᠨ ᠪᠠᠶᠢᠪᠠᠯ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ | ᠣᠷᠤᠨ ᠤ ᠲᠣᠪᠴᠢᠶᠠᠨ ᠠᠴᠠ ᠰᠢᠭᠤᠳ ᠬᠠᠷᠢᠭᠤᠴᠠᠬᠤ ᠪᠤᠶᠤ ᠬᠠᠷᠢᠶ᠎ᠠ ᠢᠨᠵᠧᠨᠧᠷᠢᠩ ᠤᠨ ᠬᠠᠮᠢᠶᠠᠷᠤᠯᠲᠠ ᠶᠢᠨ | ᠨᠢᠭᠡᠴᠢ ᠳᠤ ᠨᠠᠶᠢᠳᠠᠵᠤ ᠬᠠᠮᠢᠶᠠᠷᠤᠨ ᠬᠠᠮᠠᠭᠠᠯᠠᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠵᠦ ᠪᠠᠶᠢᠭ᠎ᠠ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ | ᠴᠣᠭᠴᠠ ᠠᠴᠠ ᠬᠠᠷᠢᠭᠤᠴᠠᠵᠤ ᠬᠠᠮᠢᠶᠠᠷᠴᠤ ᠬᠠᠮᠠᠭᠠᠯᠠᠨ᠎ᠠ᠃ | ︵ᠭᠤᠷᠪᠠ︶ ︽ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠬᠠᠮᠢᠶᠠᠷᠤᠯᠲᠠ︾ ᠶᠢᠨ ᠵᠠᠷᠴᠢᠮ ᠶᠣᠰᠣᠭᠠᠷ᠂ | ᠨᠥᠬᠦᠴᠡᠯ ᠲᠠᠢ ᠭᠠᠵᠠᠷ ᠣᠷᠣᠨ ᠨᠢ ᠠᠰᠢᠭ ᠬᠦᠷᠲᠡᠬᠦ ᠲᠠᠷᠢᠶᠠᠴᠢᠳ ᠢ ᠬᠥᠲᠥᠯᠥᠨ ᠵᠢᠯᠣᠭᠤᠳᠬᠤ ᠪᠠ ᠬᠠᠪᠰᠤᠷᠴᠤ | ᠪᠠᠶᠢᠭᠠᠳ ᠠᠰᠢᠭ ᠬᠦᠷᠲᠡᠬᠦ ᠬᠡᠪᠴᠢᠶ᠎ᠡ ᠶᠣᠰᠣᠭᠠᠷ᠂ ᠲᠥᠷᠥᠯ ᠵᠦᠢᠯ ᠤᠨ ᠣᠷᠣᠨ ᠤ ᠪᠠᠶᠢᠭ᠎ᠠ ᠪᠠᠯᠭᠠᠰᠤ ᠰᠢᠶᠠᠩ᠂ | ᠲᠣᠰᠬᠤᠨ ᠢᠶᠠᠷ ᠨᠢᠭᠡᠴᠢ ᠪᠣᠯᠭᠠᠨ᠂ ᠰᠠᠶᠢᠨ ᠳᠤᠷ᠎ᠠ ᠠᠴᠠ ᠪᠠᠨ ᠬᠠᠮᠢᠶᠠᠷᠤᠨ ᠬᠠᠮᠠᠭᠠᠯᠠᠬᠤ ᠨᠡᠶᠢᠭᠡᠮᠯᠢᠭ ᠢ ᠪᠠᠶᠢᠭᠤᠯᠵᠤ᠂ | ᠲᠥᠷᠥᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠯᠠᠩ ᠪᠣᠯᠤᠨ ᠣᠶ ᠰᠢᠭᠤᠶ | ᠵᠡᠷᠭᠡ ᠡᠯ᠎ᠡ ᠲᠥᠷᠥᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ | ᠬᠠᠮᠢᠶᠠᠷᠤᠨ ᠬᠠᠮᠠᠭᠠᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠡᠯ᠎ᠡ ᠲᠥᠷᠥᠯ ᠤᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠨᠢ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ | ᠬᠠᠮᠠᠭᠠᠯᠠᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠬᠡᠪ ᠤᠨ ᠠᠵᠢᠯᠯᠠᠭᠠᠨ ᠢ ᠪᠠᠲᠤᠯᠠᠵᠤ᠂ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ | ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠵᠢᠷᠤᠮᠯᠠᠵᠤ᠂ ᠶᠠᠮᠠᠷᠪᠠ ᠰᠢᠯᠲᠠᠭ ᠢᠶᠠᠷ ᠬᠠᠮᠢᠶ᠎ᠠ ᠪᠦᠬᠦᠢ ᠰᠦᠢᠳᠬᠡᠯ ᠬᠤᠷᠢᠶᠠᠵᠤ ᠪᠣᠯᠬᠤ ᠦᠭᠡᠶ᠂ ᠪᠠᠷᠢᠯᠭ᠎ᠠ ᠵᠢᠴᠢ | ᠲᠥᠬᠦᠭᠡᠷᠦᠮᠵᠢ ᠶᠢ ᠳᠤᠷ᠎ᠠ ᠪᠠᠷ ᠢᠶᠠᠨ ᠬᠤᠪᠢᠷᠠᠭᠤᠯᠤᠨ ᠬᠤᠳᠠᠯᠳᠤᠵᠤ ᠪᠣᠯᠬᠤ ᠦᠭᠡᠶ᠂ ᠬᠥᠷᠥᠰᠥ ᠰᠢᠷᠣᠶ ᠶᠢᠨ ᠡᠬᠢ | ᠪᠠᠶᠠᠯᠢᠭ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠪᠣᠯᠬᠤ ᠦᠭᠡᠶ᠃ ᠲᠠᠷᠢᠶᠠᠨ ᠭᠠᠵᠠᠷ ᠤᠨ | ᠪᠡᠯᠡᠳᠬᠡᠮᠵᠢ ᠶᠢ ᠡᠪᠳᠡᠭᠰᠡᠨ ᠨᠢᠭᠡᠴᠢ ᠪᠤᠶᠤ ᠬᠤᠪᠢ ᠬᠥᠮᠦᠨ ᠢ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠨᠢ ᠴᠠᠭ | ᠲᠤᠬᠠᠶ ᠳᠤᠨᠢ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠪᠠᠷᠢᠯᠭ᠎ᠠ ᠶᠢ ᠰᠢᠯᠵᠢᠭᠦᠯᠦᠨ ᠲᠤᠰᠢᠶᠠᠬᠤ ᠵᠢᠴᠢ ᠬᠠᠮᠢᠶᠠᠷᠤᠨ ᠬᠠᠮᠠᠭᠠᠯᠠᠬᠤ ᠵᠠᠭᠪᠤᠷ | ᠠᠷᠪᠠᠨ ᠬᠤᠶᠠᠳᠤᠭᠠᠷ ᠵᠦᠢᠯ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ | ᠳᠠᠭᠤᠰᠴᠤ ᠰᠢᠯᠭᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠨᠢ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠠᠵᠢᠯ ᠢ ᠴᠠᠭ ᠲᠤᠬᠠᠶ ᠳᠤᠨᠢ ᠬᠢᠵᠦ᠂ | ᠪᠠᠷᠢᠯᠭ᠎ᠠ ᠵᠢᠴᠢ ᠬᠠᠮᠢᠶᠠᠷᠤᠨ ᠬᠠᠮᠠᠭᠠᠯᠠᠬᠤ ᠠᠵᠢᠯ ᠤᠨ ᠰᠢᠯᠵᠢᠭᠦᠯᠦᠨ ᠲᠤᠰᠢᠶᠠᠬᠤ ᠭᠠᠷᠳᠠᠮ ᠢ ᠲᠣᠭᠲᠠᠭᠠᠯ ᠶᠣᠰᠣᠭᠠᠷ | ᠭᠦᠢᠴᠡᠳᠭᠡᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠡᠯ᠎ᠡ ᠭᠠᠵᠠᠷ ᠤᠨ ᠪᠣᠳᠠᠲᠤ ᠪᠠᠶᠢᠳᠠᠯ ᠵᠢᠴᠢ ᠲᠥᠷᠥᠯ ᠵᠦᠢᠯ ᠤᠨ | ᠢᠨᠵᠧᠨᠧᠷᠢᠩ ᠤᠨ ᠣᠨᠴᠠᠯᠢᠭ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠠᠳᠠᠯᠢ | ᠪᠤᠰᠤ ᠬᠠᠮᠢᠶᠠᠷᠴᠤ ᠬᠠᠮᠠᠭᠠᠯᠠᠬᠤ ᠵᠠᠭᠪᠤᠷ ᠢ ᠬᠡᠷᠡᠭᠯᠡᠬᠦ ᠬᠡᠷᠡᠭᠲᠡᠶ᠃ ᠭᠠᠵᠠᠷ ᠰᠢᠷᠣᠶ ᠶᠢ ᠨᠢᠭᠡᠨᠲᠡ ᠬᠡᠪᠴᠢᠶᠡᠵᠢᠭᠦᠯᠦᠨ | ᠡᠷᠭᠢᠯᠳᠦᠭᠦᠯᠦᠭᠰᠡᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠵᠠᠷ ᠰᠢᠷᠣᠶ ᠶᠢᠨ | ᠡᠵᠡᠩᠨᠡᠯᠲᠡ ᠶᠢᠨ ᠭᠤᠤᠯ ᠴᠣᠭᠴᠠ ᠠᠴᠠ ᠬᠠᠷᠢᠭᠤᠴᠠᠨ ᠬᠠᠮᠢᠶᠠᠷᠴᠤ᠂ ᠬᠠᠮᠠᠭᠠᠯᠠᠬᠤ ᠬᠡᠷᠡᠭᠲᠡᠶ︔ ᠭᠠᠵᠠᠷ ᠰᠢᠷᠣᠶ ᠶᠢ | ᠡᠷᠭᠢᠯᠳᠦᠭᠦᠯᠦᠭᠰᠡᠨ ᠦᠭᠡᠢ ᠪᠣᠯ ᠪᠠᠶᠢᠭ᠎ᠠ ᠭᠠᠴᠠᠭᠠᠨ ᠤ ᠠᠷᠠᠳ ᠤᠨ ᠵᠥᠪᠯᠡᠯ ᠠᠴᠠ ᠲᠤᠰᠬᠠᠶ ᠬᠥᠮᠦᠨ ᠪᠤᠶᠤ | ᠲᠤᠰᠬᠠᠶ ᠵᠣᠬᠢᠶᠠᠨ ᠪᠠᠶᠢᠭᠤᠯᠵᠤ ᠬᠠᠷᠢᠭᠤᠴᠠᠨ ᠬᠠᠮᠢᠶᠠᠷᠴᠤ ᠬᠠᠮᠠᠭᠠᠯᠠᠬᠤ ᠬᠡᠷᠡᠭᠲᠡᠶ᠃ ᠪᠣᠳᠠᠲᠠᠶ ᠪᠠᠷ ᠳᠣᠤᠷᠠᠬᠢ ᠮᠡᠲᠦ | ᠵᠠᠭᠪᠤᠷ ᠢ ᠠᠪᠴᠤ ᠪᠣᠯᠤᠨ᠎ᠠ᠄ | ︵ᠨᠢᠭᠡ︶ ᠲᠤᠰᠬᠠᠶ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ᠃ ᠭᠠᠴᠠᠭᠠᠨ ᠤ ᠠᠷᠠᠳ ᠤᠨ | ᠵᠥᠪᠯᠡᠯ ᠲᠦᠷᠦᠭᠦᠯᠡᠨ ᠠᠰᠢᠭ ᠬᠦᠷᠲᠡᠬᠦ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠬᠠᠮᠢᠶᠠᠷᠴᠤ ᠬᠠᠮᠠᠭᠠᠯᠠᠬᠤ | ᠨᠡᠶᠢᠭᠡᠮᠯᠢᠭ᠂ ᠲᠣᠰᠬᠤᠨ ᠤ ᠠᠷᠠᠳ ᠤᠨ ᠬᠡᠷᠡᠭ ᠡᠷᠬᠢᠯᠡᠭᠴᠢᠳ ᠤᠨ ᠬᠤᠷᠠᠯ ᠪᠠᠶᠢᠭᠤᠯᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠬᠠᠷᠢᠶ᠎ᠠ ᠣᠷᠣᠨ ᠤ ᠪᠠᠨ ᠲᠠᠷᠢᠶᠠᠨ ᠭᠠᠵᠠᠷ ᠤᠨ ᠪᠠᠷᠢᠯᠭ᠎ᠠ ᠶᠢᠨ ᠲᠥᠬᠦᠭᠡᠷᠦᠮᠵᠢ ᠶᠢ ᠬᠠᠮᠢᠶᠠᠷᠴᠤ | ᠬᠠᠮᠠᠭᠠᠯᠠᠬᠤ ᠶᠢᠨ ᠬᠠᠮᠲᠤ ᠠᠰᠢᠭ ᠬᠦᠷᠲᠡᠬᠦ ᠣᠯᠠᠨ ᠲᠦᠮᠡᠨ᠂ ᠲᠣᠰᠬᠤᠨ᠂ ᠪᠠᠯᠭᠠᠰᠤ ᠰᠢᠶᠠᠩ ᠤᠨ ᠬᠢᠨᠠᠯᠲᠠ ᠶᠢ | ᠬᠦᠯᠢᠶᠡᠨ᠎ᠡ᠃ | ︵ᠬᠤᠶᠠᠷ︶ ᠲᠤᠰᠬᠠᠢ ᠲᠤᠰᠢᠶᠠᠯ ᠤᠨ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠤᠨ ᠬᠠᠮᠠᠭᠠᠯᠠᠬᠤ ᠬᠡᠪ ᠵᠠᠭᠪᠤᠷ᠃ | ᠭᠠᠴᠠᠭᠠᠨ ᠤ ᠠᠷᠠᠳ ᠤᠨ ᠵᠥᠪᠯᠡᠯ ᠪᠠᠶᠢᠭᠤᠯᠤᠭᠰᠠᠨ ᠤ ᠳᠠᠷᠠᠭᠠᠬᠢ ᠲᠥᠷᠥᠯ ᠵᠦᠢᠯ ᠤᠨ ᠣᠷᠣᠨ ᠪᠦᠰᠡ ᠶᠢᠨ | ᠬᠠᠮᠢᠶᠠᠷᠴᠤ ᠬᠠᠮᠠᠭᠠᠯᠠᠬᠤ ᠬᠡᠪᠴᠢᠶ᠎ᠡ᠂ ᠠᠭᠤᠯᠭ᠎ᠠ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ᠂ ᠬᠥᠯᠥᠰᠥ ᠣᠯᠭᠤᠮᠵᠢ᠂ | ᠡᠭᠦᠷᠭᠡ ᠬᠠᠷᠢᠭᠤᠴᠠᠯᠭ᠎ᠠ ᠶᠢ ᠵᠠᠷᠯᠠᠨ ᠨᠡᠶᠢᠲᠡᠯᠡᠵᠦ᠂ ᠭᠠᠴᠠᠭᠠᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠠᠴᠠ | ᠬᠠᠮᠢᠶᠠᠷᠴᠤ ᠬᠠᠮᠠᠭᠠᠯᠠᠬᠤ ᠪᠤᠶᠤ ᠤᠷᠢᠵᠤ ᠬᠡᠷᠡᠭᠯᠡᠵᠦ᠂ ᠬᠠᠮᠢᠶᠠᠷᠴᠤ ᠬᠠᠮᠠᠭᠠᠯᠠᠬᠤ ᠭᠡᠷ᠎ᠡ ᠲᠣᠭᠲᠠᠭᠠᠨ᠎ᠠ᠃ ᠬᠠᠮᠢᠶᠠᠷᠴᠤ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠠᠰᠢᠭ ᠬᠦᠷᠲᠡᠬᠦ ᠤᠯᠠᠨ ᠲᠦᠮᠡᠨ᠂ | ᠲᠣᠰᠬᠤᠨ᠂ ᠰᠢᠶᠠᠩ ᠪᠠᠯᠭᠠᠰᠤᠨ ᠤ ᠬᠢᠨᠠᠯᠲᠠ ᠶᠢ ᠬᠦᠯᠢᠶᠡᠨ᠎ᠡ᠃ | ︵ᠭᠤᠷᠪᠠ︶ ᠰᠢᠯᠵᠢᠭᠦᠯᠬᠦ ᠭᠤᠣᠯ ᠴᠣᠭᠴᠠ ᠶᠢᠨ ᠬᠠᠮᠢᠶᠠᠷᠤᠨ ᠬᠠᠮᠠᠭᠠᠯᠠᠬᠤ ᠵᠠᠭᠪᠤᠷ᠃ ᠭᠠᠵᠠᠷ ᠰᠢᠷᠣᠶ ᠶᠢ | ᠨᠢᠭᠡᠨᠲᠡ ᠬᠡᠪᠴᠢᠶᠡᠵᠢᠭᠦᠯᠦᠨ ᠡᠷᠭᠢᠯᠳᠦᠭᠦᠯᠦᠭᠰᠡᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ | ᠡᠵᠡᠩᠨᠡᠯᠲᠡ ᠶᠢᠨ ᠭᠤᠤᠯ ᠴᠣᠭᠴᠠ ᠠᠴᠠ ᠬᠠᠮᠢᠶᠠᠷᠤᠨ ᠬᠠᠮᠠᠭᠠᠯᠠᠬᠤ ᠬᠡᠷᠡᠭᠲᠡᠶ᠃ ᠲᠠᠷᠢᠶᠠᠨ ᠭᠠᠵᠠᠷ ᠤᠨ ᠪᠠᠷᠢᠯᠭ᠎ᠠ ᠶᠢᠨ | ᠲᠥᠬᠦᠭᠡᠷᠦᠮᠵᠢ ᠶᠢ ᠬᠠᠮᠢᠶᠠᠷᠤᠨ ᠬᠡᠷᠡᠭᠯᠡᠬᠦ᠂ ᠠᠮᠤᠷ ᠲᠦᠪᠰᠢᠨ ᠢᠶᠠᠷ ᠠᠵᠢᠯᠯᠠᠭᠤᠯᠬᠤ ᠪᠠ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠶᠢ ᠬᠠᠷᠢᠭᠤᠴᠠᠵᠤ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠨᠢ ᠠᠰᠢᠭ ᠭᠥᠷᠳᠡᠭᠰᠡᠨ | ᠣᠯᠠᠨ ᠲᠦᠮᠡᠨ᠂ ᠲᠣᠰᠬᠤᠨ᠂ ᠪᠠᠯᠭᠠᠰᠤ ᠰᠢᠶᠠᠩ ᠤᠨ ᠬᠢᠨᠠᠯᠲᠠ ᠶᠢ ᠬᠦᠯᠢᠶᠡᠨ᠎ᠡ︔ | ︵ᠲᠦᠷᠪᠡ︶ ᠥᠭᠡᠷ᠎ᠡ ᠬᠠᠮᠢᠶᠠᠷᠤᠨ ᠬᠠᠮᠠᠭᠠᠯᠠᠬᠤ ᠬᠡᠪ ᠵᠠᠭᠪᠤᠷ᠃ ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠤᠨ ᠲᠤᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠵᠦᠢ ᠵᠣᠬᠢᠰᠲᠠᠶ ᠬᠠᠤᠯᠢ ᠶᠣᠰᠣᠨ ᠤ | ᠪᠠᠶᠢᠳᠠᠯ ᠳᠣᠤᠷ᠎ᠠ᠂ ᠬᠠᠮᠢᠶᠠᠷᠤᠨ ᠬᠠᠮᠠᠭᠠᠯᠠᠬᠤ ᠠᠷᠭ᠎ᠠ ᠵᠠᠮ ᠢᠶᠠᠨ ᠥᠷᠭᠡᠵᠢᠭᠦᠯᠵᠦ᠂ ᠠᠰᠢᠭ ᠬᠦᠷᠲᠡᠬᠦ ᠲᠠᠷᠢᠶᠠᠯᠠᠬᠤ | ᠡᠷᠦᠬᠡ ᠶᠢ ᠵᠣᠬᠢᠶᠠᠨ ᠪᠠᠶᠢᠭᠤᠯᠤᠨ ᠬᠦᠴᠦ ᠬᠥᠳᠡᠯᠮᠦᠷᠢ ᠣᠷᠣᠭᠤᠯᠬᠤ ᠵᠡᠷᠭᠡ ᠪᠤᠰᠤᠳ ᠠᠷᠭ᠎ᠠ ᠮᠠᠶ᠋ᠢᠭ ᠢᠶᠠᠷ | ᠬᠠᠮᠢᠶᠠᠷᠤᠨ ᠬᠠᠮᠠᠭᠠᠯᠠᠬᠤ ᠬᠡᠷᠡᠭᠲᠡᠶ᠃ | ᠲᠠᠪᠤᠳᠤᠭᠠᠷ ᠪᠦᠯᠦᠭ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠵᠠᠷᠤᠳᠠᠯ | ᠠᠷᠪᠠᠨ ᠳᠥᠷᠪᠡᠳᠦᠭᠡᠷ ᠵᠦᠢᠯ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠵᠠᠷᠤᠳᠠᠯ ᠤᠨ ᠢᠷᠡᠯᠲᠡ | ︵ᠨᠢᠭᠡ︶ ᠡᠳ᠋ ᠤᠨ ᠬᠦᠴᠦᠨ ᠤ ᠪᠠᠶᠢᠳᠠᠯ ᠪᠠ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠠᠳᠠᠯᠢ ᠱᠠᠲᠤᠨ ᠤ | ᠡᠳ᠋ ᠤᠨ ᠵᠠᠰᠠᠭ ᠤᠨ ᠲᠥᠰᠦᠪ ᠠᠴᠠ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠲᠣᠬᠢᠷᠠᠭᠤᠯᠤᠨ᠎ᠠ᠃ | ︵ᠬᠤᠶᠠᠷ︶ ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠬᠡᠯ ᠬᠤᠷᠢᠶᠠᠬᠤ ᠪᠠ ᠪᠠᠷᠢᠯᠭ᠎ᠠ ᠶᠢ ᠬᠠᠮᠢᠶᠠᠷᠴᠤ | ᠬᠠᠮᠠᠭᠠᠯᠠᠬᠤ ᠣᠷᠣᠯᠭ᠎ᠠ ᠵᠠᠷᠤᠯᠭ᠎ᠠ ᠶᠢᠨ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠵᠤ᠂ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠷᠢᠶᠠᠭᠰᠠᠨ ᠤᠰᠤᠨ ᠤ ᠰᠦᠢᠳᠬᠡᠯ ᠤᠨ | ᠣᠷᠣᠯᠭ᠎ᠠ ᠶᠢ ᠭᠤᠤᠯᠳᠠᠭᠤ ᠠᠵᠢᠯᠯᠠᠭᠠᠨ ᠢ ᠬᠠᠮᠠᠭᠠᠯᠠᠬᠤ ᠥᠪᠡᠷ ᠤᠨ ᠥᠷᠲᠡᠭ ᠲᠤ ᠬᠡᠷᠡᠭᠯᠡᠬᠦ ᠬᠡᠷᠡᠭᠲᠡᠶ᠃ | ︵ᠭᠤᠷᠪᠠ︶ ᠵᠠᠰᠠᠭ ᠤᠨ ᠣᠷᠳᠣᠨ ᠠᠴᠠ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠠᠴᠠ ᠪᠤᠶ | ᠪᠣᠯᠤᠭᠰᠠᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠲᠣᠰᠬᠤᠨ ᠤ ᠬᠠᠮᠲᠤ ᠶᠢᠨ ᠡᠳ᠋ ᠬᠥᠷᠥᠩᠭᠡ ᠪᠣᠯᠭᠠᠬᠤ ᠶᠢ | ᠳᠡᠮᠵᠢᠨ᠂ ᠳᠠᠭᠠᠭᠠᠴᠢᠯᠠᠬᠤ᠂ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠣᠯᠤᠭᠰᠠᠨ ᠣᠷᠣᠯᠭ᠎ᠠ︔ | ︵ᠲᠦᠷᠪᠡ︶ ᠪᠠᠯᠭᠠᠰᠤ ᠰᠢᠶᠠᠩ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠲᠣᠰᠬᠤᠨ ᠤ ᠠᠷᠠᠳ ᠤᠨ | ᠵᠥᠪᠯᠡᠯ ᠨᠢ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠲᠣᠬᠢᠷᠠᠭᠤᠯᠬᠤ ᠪᠤᠶᠤ | ᠢᠨᠵᠧᠨᠧᠷᠢᠩ ᠤᠨ ᠠᠵᠢᠯᠯᠠᠭᠠᠨ ᠤ ᠠᠰᠢᠭ ᠣᠷᠣᠯᠭ᠎ᠠ ᠶᠢᠨ ᠳᠣᠲᠣᠷ᠎ᠠ ᠠᠴᠠ ᠵᠣᠬᠢᠬᠤ ᠬᠠᠷᠢᠴᠠᠯ ᠢᠶᠠᠷ ᠭᠠᠷᠭᠠᠨ ᠠᠪᠬᠤ | ᠵᠠᠷᠤᠳᠠᠯ᠃ | ︵ᠲᠠᠪᠤ︶ ᠨᠢᠭᠡ ᠶᠠᠪᠤᠳᠠᠯ ᠢ ᠨᠢᠭᠡ ᠵᠥᠪᠯᠡᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ ᠳᠣᠤᠷ᠎ᠠ᠂ | ᠲᠣᠰᠬᠤᠨ ᠤ ᠠᠷᠠᠳ ᠤᠨ ᠵᠥᠪᠯᠡᠯ ᠠᠰᠢᠭ ᠬᠦᠷᠲᠡᠬᠦ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠪᠤᠶ | ᠪᠣᠯᠭᠠᠭᠰᠠᠨ ᠬᠦᠴᠦ ᠬᠥᠳᠡᠯᠮᠦᠷᠢ︔ | ︵ᠵᠢᠷᠭᠤᠭ᠎ᠠ︶ ᠤᠯᠤᠰ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠠᠷᠢᠶᠠᠨ ᠭᠠᠵᠠᠷ ᠤᠨ ᠲᠥᠷᠥᠯ | ᠵᠦᠢᠯ ᠨᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ | ᠳᠣᠤᠷ᠎ᠠ᠂ ᠲᠣᠰᠬᠤᠨ ᠤ ᠠᠷᠠᠳ ᠤᠨ ᠵᠥᠪᠯᠡᠯ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠢ ᠵᠣᠬᠢᠶᠠᠨ | ᠪᠠᠶᠢᠭᠤᠯᠤᠨ ᠲᠤᠬᠠᠶ ᠶᠢᠨ ᠭᠠᠵᠠᠷ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ ᠣᠯᠤᠭᠰᠠᠨ ᠠᠰᠢᠭ ᠬᠤᠨᠵᠢᠪᠣᠷᠢ ᠶᠢᠨ ᠣᠷᠣᠯᠭ᠎ᠠ᠃ | ︵ᠳᠤᠯᠤᠭ᠎ᠠ︶ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠬᠠᠤᠯᠢ ᠶᠣᠰᠣᠭᠠᠷ ᠣᠯᠤᠭᠰᠠᠨ | ᠨᠡᠶᠢᠭᠡᠮ ᠤᠨ ᠬᠠᠨᠳᠢᠪ ᠬᠦᠷᠭᠡᠭᠰᠡᠨ ᠵᠡᠷᠭᠡ ᠣᠷᠣᠯᠭ᠎ᠠ᠃ | ᠠᠷᠪᠠᠨ ᠲᠠᠪᠤᠳᠤᠭᠠᠷ ᠵᠦᠢᠯ ᠪᠠᠶᠢᠭᠤᠯᠤᠭᠳᠠᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ | ᠬᠡᠷᠡᠭᠯᠡᠬᠦ ᠵᠠᠷᠤᠯᠭ᠎ᠠ ᠶᠢᠨ ᠬᠡᠪᠴᠢᠶ᠎ᠡ ᠳᠤ ᠭᠤᠣᠯᠳᠠᠭᠤ ᠲᠥᠷᠥᠯ ᠵᠦᠢᠯ ᠤᠨ ᠵᠢᠷᠤᠭᠯᠠᠨ ᠲᠥᠯᠥᠪᠯᠡᠵᠦ ᠬᠡᠷᠡᠭᠯᠡᠬᠦ | ᠬᠤᠭᠤᠴᠠᠭᠠᠨ ᠳᠠᠬᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠵᠢᠴᠢ ᠲᠥᠬᠦᠭᠡᠷᠦᠮᠵᠢ ᠶᠢᠨ | ᠡᠳᠦᠷ ᠲᠤᠳᠤᠮ ᠤᠨ ᠰᠡᠯᠪᠢᠨ ᠵᠠᠰᠠᠬᠤ᠂ ᠬᠠᠮᠢᠶᠠᠷᠴᠤ ᠬᠠᠮᠠᠭᠠᠯᠠᠬᠤ ᠠᠵᠢᠯᠲᠠᠨ ᠤ ᠬᠥᠯᠥᠰᠥ ᠣᠯᠭᠤᠮᠵᠢ᠂ ᠴᠢᠬᠤᠯᠠ | ᠪᠦᠬᠦᠢ ᠵᠢᠵᠢᠭ ᠬᠡᠯᠪᠡᠷᠢ ᠶᠢᠨ ᠳᠥᠭᠦᠮ ᠬᠠᠮᠢᠶᠠᠷᠴᠤ ᠬᠠᠮᠠᠭᠠᠯᠠᠬᠤ ᠪᠠᠭᠠᠵᠢ ᠪᠠ ᠠᠵᠢᠯᠯᠠᠭᠠᠨ ᠤ ᠬᠢᠨᠠᠨ ᠬᠡᠮᠵᠢᠬᠦ | ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠪᠠᠭᠲᠠᠭᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ | ᠦᠭᠡᠢ᠃ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠵᠢᠯ ᠪᠦᠷᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠬᠢᠨᠠᠨ ᠪᠤᠳᠤᠬᠤ ᠵᠢᠴᠢ ᠣᠯᠠᠨ ᠲᠦᠮᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠶᠢᠭᠤᠯᠤᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠠᠮᠢᠶᠠᠷᠴᠤ ᠬᠡᠷᠡᠭᠯᠡᠬᠦ ᠠᠷᠭ᠎ᠠ ᠶᠢ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠠᠴᠠ ᠲᠣᠭᠲᠠᠭᠠᠨ᠎ᠠ᠃ | ᠵᠢᠷᠭᠤᠳᠤᠭᠠᠷ ᠪᠦᠯᠦᠭ ᠬᠢᠨᠠᠯᠲᠠ ᠲᠠᠯᠪᠢᠬᠤ ᠪᠠ ᠰᠢᠯᠭᠠᠨ ᠬᠢᠨᠠᠬᠤ | ᠠᠷᠪᠠᠨ ᠳᠣᠯᠣᠳᠤᠭᠠᠷ ᠵᠥᠢᠯ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ | ᠮᠠᠯᠵᠢᠬᠤ ᠣᠷᠤᠨ ᠤ ᠲᠣᠪᠴᠢᠶ᠎ᠠ ᠨᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠢ ᠪᠠᠶᠢᠴᠠᠭᠠᠵᠤ | ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠲᠡᠭᠦᠨ ᠢ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠯᠤᠭ᠎ᠠ ᠵᠡᠷᠭᠡ ᠪᠠᠷ ᠪᠠᠶᠢᠷᠢᠯᠠᠭᠤᠯᠬᠤ᠂ ᠵᠡᠷᠭᠡ ᠪᠠᠷ ᠬᠢᠨᠠᠨ ᠪᠠᠶᠢᠴᠠᠭᠠᠬᠤ᠂ ᠵᠡᠷᠭᠡ ᠪᠠᠷ ᠬᠢᠨᠠᠨ ᠰᠢᠯᠭᠠᠬᠤ᠂ | ᠵᠡᠷᠭᠡ ᠪᠠᠷ ᠱᠠᠩᠨᠠᠵᠤ ᠲᠣᠷᠭᠠᠬᠤ ᠬᠡᠷᠡᠭᠲᠡᠶ︔ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠰᠢᠯᠭᠠᠨ | ᠬᠢᠨᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠱᠠᠩᠨᠠᠯ ᠤᠨ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠴᠢᠬᠤᠯᠠ ᠠᠭᠤᠯᠭ᠎ᠠ ᠪᠣᠯᠭᠠᠬᠤ ᠬᠡᠷᠡᠭᠲᠡᠶ︔ ᠲᠡᠷᠢᠭᠦᠨ ᠤ ᠬᠠᠮᠢᠶᠠᠷᠤᠯᠲᠠ | ᠬᠠᠮᠠᠭᠠᠯᠠᠯᠲᠠ ᠶᠢᠨ ᠭᠤᠣᠯ ᠴᠣᠭᠴᠠ ᠶᠢ ᠱᠠᠩᠨᠠᠨ ᠤᠷᠮᠠᠰᠢᠭᠤᠯᠬᠤ ᠠᠷᠭ᠎ᠠ ᠮᠠᠶ᠋ᠢᠭ ᠢᠶᠠᠷ ᠨᠥᠬᠦᠪᠥᠷᠢ ᠥᠭᠴᠦ | ᠬᠠᠮᠢᠶᠠᠷᠤᠨ ᠬᠠᠮᠠᠭᠠᠯᠠᠬᠤ ᠪᠡᠯᠡ ᠮᠥᠩᠭᠦ ᠳᠤ ᠣᠷᠣᠭᠤᠯᠵᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯ ᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠢᠯᠭᠠᠨ ᠬᠢᠨᠠᠬᠤ | ᠴᠢᠬᠤᠯᠠ ᠭᠦᠢᠴᠡᠳᠬᠡᠯ ᠲᠤᠭ᠎ᠠ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ᠂ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠥᠨᠳᠥᠷ ᠪᠦᠲᠦᠮᠵᠢᠲᠡᠶ ᠠᠵᠢᠯᠯᠠᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠨᠠᠢᠮᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠣᠯ ᠤᠯᠤᠰ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠲᠠᠷᠢᠶᠠᠨ | ᠭᠠᠵᠠᠷ ᠤᠨ ᠡᠯ᠎ᠡ ᠵᠦᠢᠯ ᠤᠨ ᠢᠨᠵᠧᠨᠧᠷᠢᠩ ᠪᠣᠯᠤᠨ᠎ᠠ᠃ | ᠠᠷᠪᠠ ᠶᠢᠰᠦᠳᠦᠭᠡᠷ ᠵᠥᠢᠯ ᠲᠣᠰ ᠠᠷᠭ᠎ᠠ ᠶᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠬᠤᠷᠢᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |