8 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠬᠤᠷᠠᠯ ᠢ ᠡᠷᠬᠢᠯᠡᠨ | ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠵᠦ ᠬᠤᠩ ᠲᠥ᠋᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ ᠭᠠᠷᠤᠳᠢ᠂ ᠶᠢᠨ ᠮᠢᠩ᠂ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠡᠰᠡᠭ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠶᠢᠨ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠤᠸᠠᠨ ᠲᠢᠶᠠᠨ | ᠮᠧᠩ ᠤᠨ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠳᠡᠭᠡᠷᠡᠬᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ | ᠮᠠᠨ ᠤ ᠲᠤᠭᠤᠷᠢᠭ ᠤᠨ ᠤᠢᠢᠷ᠎ᠠ ᠶᠢᠨ ᠬᠤᠭᠤᠴᠠᠭᠠᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ | ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂ ᠤᠨᠢᠨ ᠳᠡᠭᠡᠷ᠎ᠡ ᠨᠢ | ᠬᠦᠴᠦᠯᠡᠵᠦ᠂ ᠦᠶᠡᠷ ᠢ ᠰᠡᠷᠭᠡᠶᠢᠯᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︔ ᠦᠶᠡᠷ ᠢ | ᠰᠡᠷᠭᠡᠶᠢᠯᠡᠬᠦ ︽ᠠᠮᠤᠷ ᠲᠦᠪᠰᠢᠨ ᠤ ᠬᠥᠪᠴᠢ︾ ᠶᠢ ᠴᠢᠩᠭᠠᠷᠠᠭᠤᠯᠵᠤ᠂ ᠦᠶᠡᠷ ᠢ ᠰᠡᠷᠭᠡᠶᠢᠯᠡᠬᠦ ︽ | ᠬᠠᠷᠢᠭᠤᠴᠠᠯᠭ᠎ᠠ ᠶᠢᠨ ᠬᠡᠯᠬᠢᠶ᠎ᠡ︾ ᠶᠢ ᠪᠣᠳᠠᠲᠠᠶᠢᠵᠢᠭᠤᠯᠵᠤ᠂ ᠦᠶᠡᠷ ᠤᠨ ᠬᠤᠭᠤᠴᠠᠭᠠᠨ ᠤ ᠪᠥᠬᠦ ᠶᠠᠪᠤᠴᠠ ᠳᠤ | ᠵᠢᠵᠢᠭᠦᠷᠯᠡᠨ ᠰᠠᠬᠢᠬᠤ ᠶᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠠᠩᠭᠢ ᠶᠢ ᠵᠣᠬᠢᠶᠠᠨ ᠪᠠᠶᠢᠭᠤᠯᠵᠤ | ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ ᠱᠠᠯᠠᠪᠳᠠᠭᠤᠯᠤᠨ ᠠᠬᠢᠭᠤᠯᠬᠤ ᠬᠡᠷᠡᠭᠲᠡᠶ᠃ ᠶᠡᠭᠡ ᠰᠠᠯᠬᠢ᠂ ᠰᠢᠷᠦᠭᠦᠨ | ᠪᠣᠷᠣᠭᠠᠨ ᠵᠡᠷᠭᠡ ᠣᠨᠴᠠᠭᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ | ᠬᠢᠵᠦ᠂ ᠠᠶᠤᠯᠲᠠᠢ ᠪᠠᠷᠢᠯᠭ᠎ᠠ ᠶᠢᠨ ᠬᠡᠰᠡᠭ᠂ ᠴᠥᠮᠥᠷᠡᠭᠰᠡᠨ ᠣᠷᠣᠨ᠂ ᠤᠰᠤ ᠥᠩᠭᠡᠷᠡᠬᠦ ᠵᠠᠮ ᠵᠡᠷᠭᠡ | ᠭᠤᠣᠯᠳᠠᠯᠭ᠎ᠠ ᠲᠠᠢ ᠴᠡᠭ ᠤᠨ ᠣᠷᠣᠨ ᠪᠠᠶᠢᠷᠢ ᠶᠢᠨ ᠲᠣᠭᠤᠷᠢᠨ ᠪᠠᠶᠢᠴᠠᠭᠠᠬᠤ ᠪᠠ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠵᠤ᠂ ᠦᠶᠡᠷ ᠵᠠᠯᠠᠬᠤ ᠬᠥᠨᠳᠡᠯᠡᠨ ᠬᠠᠰᠢᠯᠭ᠎ᠠ ᠶᠢᠨ ᠬᠠᠷᠰᠢ ᠰᠠᠭᠠᠳ ᠢ ᠪᠦᠬᠦ ᠲᠠᠯ᠎ᠠ ᠪᠠᠷ | ᠠᠷᠢᠯᠭᠠᠵᠤ᠂ ᠲᠦᠭᠰᠢᠭᠦᠷᠢᠲᠦ ᠪᠠᠶᠢᠳᠠᠯ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ | ᠪᠦᠬᠦ ᠴᠠᠭ ᠬᠤᠭᠤᠴᠠᠭᠠᠨ ᠳᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠠᠷᠭ᠎ᠠ ᠬᠡᠮᠵᠢᠶ᠎ᠡ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡᠨ ᠤ | ᠪᠠᠶᠢᠭᠤᠯᠤᠯᠲᠠ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠦᠶᠡᠷ ᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠰᠠᠬᠢᠵᠤ᠂ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ ᠡᠮᠦᠨ᠎ᠡ᠂ ᠵᠠᠩ ᡁᠢ ᠸᠧᠢ ᠤᠷᠢᠳ ᠬᠤᠵᠢᠳ ᠯᠤᠤᠬ᠎ᠠ ᠶᠢᠨ ᠭᠤᠣᠯ ᠳᠠᠭᠠᠤ ᠶᠢᠨ ᠹᠧᠩ ᠱᠦᠢ | ᠭᠸᠤ ᠪᠠᠯᠭᠠᠰᠤ᠂ ᠶᠤᠸᠠᠨ ᠪᠦᠦ ᠱᠠᠨ ᠪᠠᠯᠭᠠᠰᠤ ᠪᠣᠯᠤᠨ ᠮᠤᠬᠤᠷ ᠭᠤᠣᠯ ᠪᠠᠯᠭᠠᠰᠤᠨ ᠳᠤ ᠬᠦᠷᠴᠦ ᠪᠠᠯᠭᠠᠰᠤ | ᠲᠣᠰᠬᠤᠨ ᠤ ᠺᠠᠳ᠋ᠷ ᠤᠨ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠬᠤᠯᠪᠣᠭᠳᠠᠯ ᠪᠦᠬᠦᠢ ᠠᠵᠢᠯ ᠢ ᠲᠤᠰᠬᠠᠢ | ᠰᠡᠳᠦᠪ ᠢᠶᠠᠷ ᠪᠠᠶᠢᠷᠢᠯᠠᠭᠤᠯᠪᠠ᠃ ᠲᠡᠷᠡ᠂ ᠪᠠᠯᠭᠠᠰᠤ ᠲᠣᠰᠬᠤᠨ ᠤ ᠺᠠᠳ᠋ᠷᠴᠤᠳ ᠢ ᠦᠶᠡᠷ ᠢ ᠰᠡᠷᠭᠡᠶᠢᠯᠡᠬᠦ ᠡᠯ᠎ᠡ | ᠵᠦᠢᠯ ᠤᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠦᠶᠡᠷ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠣᠯᠠᠨ ᠲᠦᠮᠡᠨ ᠤ ᠬᠦᠴᠦᠨ ᠢ ᠭᠦᠢᠴᠡᠳ ᠳᠠᠶᠢᠴᠢᠯᠠᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠦᠶᠡᠷ ᠢ ᠵᠠᠯᠠᠬᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | |