ᠹᠧᠩ ᠱᠦᠢ ᠭᠸᠤ ᠪᠠᠯᠭᠠᠰᠤ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠬᠡᠷᠡᠮ︾᠎ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/8/21
    ᠬᠡᠳᠦᠨ ᠡᠳᠦᠷ ᠤᠨ ᠲᠤᠷᠰᠢ᠂ ᠰᠢᠷᠦᠭᠦᠨ ᠪᠣᠷᠣᠭᠠᠨ ᠤ ᠨᠥᠯᠥᠭᠡ ᠪᠠᠷ᠂ ᠢᠨᠵᠠᠭ᠎ᠠ ᠶᠢᠨ ᠭᠤᠣᠯ ᠪᠣᠯᠤᠨ ᠯᠤᠤᠬ᠎ᠠ ᠶᠢᠨ ᠭᠤᠣᠯ ᠤᠨ ᠤᠰᠤᠨ ᠲᠦᠪᠰᠢᠨ ᠳᠡᠭᠡᠭᠰᠢᠯᠡᠵᠦ᠂ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠹᠧᠩ ᠱᠦᠢ ᠭᠸᠤ ᠪᠠᠯᠭᠠᠰᠤᠨ ᠤ ᠬᠢᠨ ᠦᠶᠡᠷ ᠢ ᠰᠣᠨᠣᠰᠤᠮᠠᠭᠴᠠ ᠬᠥᠳᠡᠯᠦᠯᠴᠡᠵᠦ᠂ ᠲᠤᠰ ᠤᠳᠠᠭᠠᠨ ᠤ ᠰᠢᠷᠦᠭᠦᠨ ᠪᠣᠷᠣᠭᠠᠨ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠬᠢᠨᠠᠨ ᠬᠡᠮᠵᠢᠵᠦ᠂ ᠡᠯ᠎ᠡ ᠵᠦᠢᠯ ᠤᠨ ᠰᠡᠷᠭᠡᠶᠢᠯᠡᠨ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠬᠠᠨᠳᠤᠯᠭᠠᠲᠤ ᠴᠢᠨᠠᠷᠲᠠᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃
1_副本.jpg
        ᠦᠶᠡᠷ ᠤᠨ ᠪᠠᠶᠢᠳᠠᠯ ᠪᠣᠯ ᠵᠠᠷᠯᠢᠭ ᠮᠥᠨ᠃ ᠹᠧᠩ ᠱᠦᠢ ᠭᠸᠤ ᠪᠠᠯᠭᠠᠰᠤ ᠲᠡᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠬᠢᠯᠡᠭᠦᠯᠵᠦ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠪᠣᠯᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠠᠳᠠᠯᠤᠨ ᠰᠤᠳᠤᠯᠬᠤ ᠬᠤᠷᠠᠯ᠂ ᠲᠤᠬᠢᠷᠠᠭᠤᠯᠭ᠎ᠠ ᠶᠢᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠪᠠᠯᠭᠠᠰᠤᠨ ᠤ ᠬᠡᠪᠴᠢᠶᠡᠨ ᠳᠠᠬᠢ ᠦᠶᠡᠷ ᠢ ᠰᠡᠷᠭᠡᠶᠢᠯᠡᠬᠦ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ ᠰᠤᠳᠤᠯᠤᠨ ᠮᠠᠭᠠᠳᠯᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠶᠤᠯ ᠭᠠᠮᠰᠢᠭ ᠠᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠢ ᠲᠤᠬᠢᠷᠠᠭᠤᠯᠤᠨ ᠪᠠᠶᠢᠷᠢᠯᠠᠭᠤᠯᠵᠤ᠂ ᠬᠠᠷᠢᠶ᠎ᠠ ᠣᠷᠣᠨ ᠤ ᠭᠤᠣᠯ ᠤᠨ ᠵᠠᠮ᠂ ᠨᠥᠬᠡ ᠭᠤᠤ᠂ ᠤᠰᠤ ᠠᠮᠠᠷᠬᠠᠨ ᠬᠤᠷᠠᠬᠤ ᠭᠠᠵᠠᠷ ᠵᠡᠷᠭᠡ ᠣᠷᠣᠨ ᠪᠦᠰᠡ ᠳᠤ ᠪᠦᠬᠦ ᠲᠠᠯ᠎ᠠ ᠪᠠᠷ ᠨᠠᠷᠢᠨ ᠨᠢᠮᠪᠠᠢ ᠲᠠᠬᠢᠨ ᠪᠠᠶᠢᠴᠠᠭᠠᠯᠲᠠ ᠬᠢᠵᠦ᠂ ᠦᠶᠡᠷ ᠢ ᠰᠡᠷᠭᠡᠶᠢᠯᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃
2_副本.jpg
        ᠲᠣᠰ ᠤᠳᠠᠭᠠᠨ ᠤ ᠦᠶᠡᠷ ᠢ ᠰᠡᠷᠭᠡᠶᠢᠯᠡᠬᠦ ᠲᠦᠭᠰᠢᠭᠦᠷᠢᠲᠦ ᠪᠠᠶᠢᠳᠠᠯ ᠢ ᠠᠷᠭᠠᠴᠠᠭᠠᠬᠤ ᠶᠢᠨ ᠲᠥᠯᠥᠭᠡ᠂ ᠹᠧᠩ ᠱᠦᠢ ᠭᠸᠤ ᠪᠠᠯᠭᠠᠰᠤ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠵᠤ ᠦᠶᠡᠷ ᠢ ᠰᠡᠷᠭᠡᠶᠢᠯᠡᠬᠦ 9 ᠡᠩᠨᠡᠭᠡ ᠶᠢ ᠪᠠᠴᠢᠮ ᠪᠠᠶᠢᠭᠤᠯᠵᠤ᠂ ᠪᠦᠷᠢᠯᠳᠦᠬᠦᠨ ᠤ ᠲᠤᠭ᠎ᠠ 200 ᠭᠠᠷᠤᠢ ᠬᠥᠮᠦᠨ ᠳᠤ ᠬᠦᠷᠴᠡᠢ᠃ ᠡᠭᠦᠨ ᠠᠴᠠ ᠭᠠᠳᠠᠨ᠎ᠠ᠂ ᠪᠥᠬᠦ ᠪᠠᠯᠭᠠᠰᠤᠨ ᠳᠤ ᠨᠡᠶᠢᠲᠡ 12 ᠤᠳᠬᠤᠭᠤᠷ ᠲᠡᠷᠭᠡ᠂ 30 ᠬᠤᠯᠪᠤᠬᠤ ᠮᠠᠰᠢᠨ᠂ 30 ᠬᠥᠷᠪᠡᠭᠦᠯᠬᠦ ᠲᠡᠷᠭᠡ ᠶᠢ ᠴᠠᠭ ᠲᠤᠬᠠᠶ ᠳᠤᠨᠢ ᠠᠶᠤᠯ ᠠᠴᠠ ᠠᠪᠤᠷᠠᠬᠤ ᠳᠤ ᠪᠡᠯᠡᠳᠬᠡᠵᠦ᠂ 2.4 ᠲᠦᠮᠡᠨ ᠰᠦᠯᠵᠢᠮᠡᠯ ᠤᠭᠤᠲᠠ᠂ 40 ᠭᠠᠷᠤᠶ ᠪᠣᠯᠣᠳ ᠤᠲᠠᠰᠤ᠂ 200 ᠭᠠᠷᠤᠶ ᠲᠡᠮᠦᠷ ᠬᠦᠷᠵᠡ ᠶᠢ ᠨᠥᠭᠡᠴᠡᠯᠡᠵᠦ᠂ ᠦᠶᠡᠷ ᠤᠨ ᠪᠠᠴᠢᠮ ᠪᠠᠶᠢᠳᠠᠯ ᠭᠠᠷᠤᠮᠠᠭᠴᠠ ᠳᠠᠷᠤᠶ ᠲᠦᠷᠭᠡᠨ ᠠᠰᠢᠭᠯᠠᠯᠲᠠ ᠳᠤ ᠣᠷᠤᠭᠤᠯᠬᠤ ᠪᠣᠯᠤᠨ᠎ᠠ︔ ᠲᠣᠰᠬᠤᠨ ᠤ ᠺᠠᠳ᠋ᠷ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ ᠲᠣᠭᠤᠷᠢᠨ ᠪᠠᠶᠢᠴᠠᠭᠠᠬᠤ ᠪᠠᠭ᠎ᠠ ᠠᠩᠭᠢ ᠪᠣᠯᠭᠠᠨ ᠪᠠᠶᠢᠭᠤᠯᠵᠤ᠂ ᠬᠠᠷᠢᠭᠤᠴᠠᠯᠭ᠎ᠠ ᠶᠢᠨ ᠬᠠᠰᠢᠯᠭ᠎ᠠ ᠶᠢᠨ ᠬᠡᠰᠡᠭ᠂ ᠬᠠᠷᠢᠭᠤᠴᠠᠯᠭ᠎ᠠ ᠶᠢᠨ ᠴᠠᠭ ᠢ ᠲᠣᠳᠣᠷᠬᠠᠶᠢᠯᠠᠨ᠂ 24 ᠴᠠᠭ ᠢᠶᠠᠷ ᠬᠠᠰᠢᠯᠭ᠎ᠠ ᠶᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠡᠯ᠎ᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠥᠷᠨᠢᠭᠦᠯᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠭᠠᠮᠰᠢᠭ ᠤᠨ ᠬᠤᠪᠢᠷᠠᠯᠲᠠ ᠶᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠠᠵᠢᠯ ᠳᠤ ᠨᠠᠷᠢᠯᠢᠭ ᠣᠨᠣᠴᠠᠲᠠᠶ ᠴᠠᠭ ᠲᠤᠬᠠᠶ ᠶᠢᠨ ᠪᠠᠶᠢᠳᠠᠯ᠂ ᠰᠢᠨᠵᠢᠯᠡᠬᠦ ᠤᠬᠠᠭᠠᠨᠴᠢ ᠵᠠᠳᠠᠯᠤᠯᠲᠠ ᠮᠠᠭᠠᠳᠯᠠᠯᠲᠠ ᠪᠠ ᠥᠨᠳᠥᠷ ᠪᠦᠲᠦᠮᠵᠢᠲᠡᠶ ᠰᠢᠢᠳᠪᠥᠷᠢᠲᠥ ᠪᠣᠳᠣᠯᠭ᠎ᠠ ᠶᠢᠨ ᠦᠨᠳᠦᠰᠦᠯᠡᠯ ᠬᠠᠩᠭᠠᠪᠠ᠃
3_副本.jpg
        ᠲᠣᠰ ᠤᠳᠠᠭᠠᠨ ᠤ ᠦᠶᠡᠷ ᠢ ᠰᠡᠷᠭᠡᠶᠢᠯᠡᠬᠦ ᠠᠵᠢᠯᠯᠠᠭ᠎ᠠ ᠳᠤ᠂ ᠹᠧᠩ ᠱᠦᠢ ᠭᠸᠦ ᠪᠠᠯᠭᠠᠰᠤ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ︾ ᠵᠠᠷᠴᠢᠮ ᠢ ᠪᠠᠷᠢᠮᠲᠠᠯᠠᠵᠤ᠂ ᠡᠯ᠎ᠡ ᠲᠣᠰᠬᠤᠨ ᠤ ᠭᠤᠤᠯ ᠤᠨ ᠵᠠᠮ ᠤᠨ ᠵᠠᠩᠭᠢᠯᠠᠭ᠎ᠠ ᠶᠢᠨ ᠣᠷᠣᠨ ᠪᠦᠰᠡ ᠳᠤ ᠴᠢᠭᠯᠡᠭᠦᠯᠦᠨ᠂ ᠡᠯᠡᠰᠦᠨ ᠤᠭᠤᠲᠠ ᠪᠠᠷ ᠬᠦᠷᠢᠶᠡᠯᠡᠨ ᠪᠥᠭᠯᠡᠬᠦ ᠪᠠ ᠰᠢᠷᠣᠶ ᠪᠥᠭᠯᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠭᠤᠤᠯ ᠤᠨ ᠵᠠᠮ ᠤᠨ ᠳᠣᠲᠣᠷᠠᠬᠢ ᠬᠠᠭᠠᠯᠲᠠ ᠶᠢ ᠪᠦᠲᠦᠮᠵᠢᠲᠡᠶ ᠪᠢᠲᠡᠭᠦᠮᠵᠢᠯᠡᠪᠡ᠃ ᠣᠲᠣ ᠪᠣᠯᠲᠠᠯ᠎ᠠ᠂ ᠪᠠᠯᠭᠠᠰᠤᠨ ᠤ ᠳᠣᠲᠣᠷ᠎ᠠ ᠯᠤᠤᠬ᠎ᠠ ᠶᠢᠨ ᠭᠤᠤᠯ ᠤᠨ ᠵᠠᠮ ᠤᠨ ᠣᠲᠣ ᠶᠢᠨ ᠪᠠᠶᠢᠭ᠎ᠠ ᠬᠠᠭᠠᠯᠲᠠ ᠶᠢ ᠨᠢᠭᠡᠨᠲᠡ ᠪᠥᠬᠦ ᠲᠠᠯ᠎ᠠ ᠪᠠᠷ ᠪᠠᠶᠢᠴᠠᠭᠠᠵᠤ᠂ ᠬᠠᠮᠠᠭᠠᠯᠠᠬᠤ ᠪᠠ ᠪᠥᠭᠯᠡᠵᠦ᠂ ᠦᠶᠡᠷ ᠤᠨ ᠬᠤᠭᠤᠴᠠᠭᠠᠨ ᠳᠤ ᠬᠡᠪ ᠤᠨ ᠶᠣᠰᠣᠭᠠᠷ ᠠᠵᠢᠯᠯᠠᠬᠤ ᠶᠢ ᠦᠨᠡᠨ ᠬᠦ ᠪᠠᠲᠤᠯᠠᠪᠠ᠃    ᠣᠳᠣᠬᠠᠨ ᠳᠤ᠂ ᠹᠧᠩ ᠱᠦᠢ ᠭᠸᠤ ᠪᠠᠯᠭᠠᠰᠤᠨ ᠤ ᠦᠶᠡᠷ ᠢ ᠰᠡᠷᠭᠡᠶᠢᠯᠡᠬᠦ ᠠᠵᠢᠯ ᠮᠥᠨ ᠬᠦ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ᠪᠦᠬᠦ ᠪᠠᠯᠭᠠᠰᠤᠨ ᠤ ᠺᠠᠳ᠋ᠷ ᠤᠯᠠᠨ ᠲᠦᠮᠡᠨ ᠦᠷᠭᠦᠯᠵᠢᠯᠡᠨ ᠡᠷᠡᠯᠬᠡᠭᠯᠡᠨ ᠲᠡᠮᠡᠴᠡᠵᠦ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠬᠡᠰᠡᠭ᠂ ᠬᠦᠨᠳᠦ ᠶᠡᠭᠡ ᠭᠡᠮ ᠰᠣᠭᠤᠭ ᠤᠨ ᠴᠡᠭ ᠪᠣᠯᠤᠨ ᠭᠤᠣᠯ ᠤᠨ ᠬᠠᠰᠢᠯᠭ᠎ᠠ ᠶᠢ ᠴᠢᠩᠭ᠎ᠠ ᠠᠩᠬᠠᠷᠴᠤ᠂ ᠤᠰᠤᠨ ᠲᠦᠪᠰᠢᠨ ᠳᠡᠭᠡᠭᠰᠢᠯᠡᠵᠦ ᠪᠠᠶᠢᠭ᠎ᠠ ᠪᠠᠶᠢᠳᠠᠯ ᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ ᠦᠭᠡᠢ᠂ ᠪᠠᠯᠠᠷᠬᠠᠢ ᠣᠷᠣᠨ ᠦᠭᠡᠢ᠂ ᠪᠦᠬᠦᠨ ᠢ ᠬᠠᠮᠤᠷᠬᠤ ᠶᠢ ᠪᠠᠲᠤᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1