1 - 7 ᠰᠠᠷ᠎ᠠ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ | ᠣᠨᠤᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠲᠣᠭᠤᠷᠢᠭ ᠢᠶᠠᠷ ᠢᠶᠠᠨ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠰᠡᠳᠦᠪ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡ ᠶᠢ ᠰᠡᠷᠭᠦᠭᠡᠨ ᠥᠷᠭᠡᠳᠬᠡᠵᠦ | ᠂ ᠪᠦᠬᠦ ᠲᠣᠭᠤᠷᠢᠭ ᠤᠨ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠰᠠᠶᠢᠵᠢᠷᠠᠬᠤ ᠬᠠᠨᠳᠤᠰᠢ ᠲᠠᠢ ᠪᠣᠯᠪᠠ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠬᠤᠪᠢᠷᠠᠬᠤ | ᠦᠭᠡᠶ | 2024 ᠣᠨ ᠤ 1 - 7 ᠳ᠋ᠤᠭᠠᠷ ᠰᠠᠷ᠎ᠠ ᠳᠤ᠂ ᠪᠥᠬᠦ ᠲᠣᠭᠤᠷᠢᠭ ᠲᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 57 ︵ᠲᠣᠰ ᠰᠠᠷ᠎ᠠ ᠳᠤ ᠰᠢᠨ᠎ᠡ ᠪᠠᠷ 1 ᠡᠷᠦᠬᠡ ᠶᠢ ᠬᠥᠮᠥᠷᠭᠡ ᠳᠤ | ᠣᠷᠣᠭᠤᠯᠪᠠ︶ ᠪᠠᠶᠢᠵᠤ᠂ ᠡᠭᠦᠨ ᠳᠤ ᠭᠤᠷᠪᠠᠨ ᠲᠣᠮᠣ ᠭᠤᠤᠯ ᠪᠣᠯᠬᠤ ᠠᠵᠤ ᠦᠢᠯᠡᠰ ᠤᠨ ᠡᠨᠧᠷᠭᠢ ᠶᠢᠨ ᠠᠵᠤ | ᠦᠢᠯᠡᠰ 10᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ 17᠂ ᠢᠳᠡᠭᠡᠨ ᠤ ᠠᠵᠢᠯ ᠲᠥᠷᠥᠯ 14 ᠪᠣᠶ | ᠃ ᠦᠢᠯᠡᠳᠬᠦᠨ ᠤ ᠥᠷᠲᠡᠭ ᠨᠡᠶᠢᠲᠡ 139.09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ | ᠵᠢᠯ ᠤᠨ ᠬᠢ ᠠᠴᠠ 1.9 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ ᠨᠢ 8.4% ᠳᠤ ᠬᠦᠷᠴᠦ᠂ ᠳᠡᠭᠡᠷ᠎ᠡ ᠰᠠᠷ᠎ᠠ ᠶᠢᠨ ᠬᠢ ᠲᠠᠢ ᠠᠳᠠᠯᠢ ᠪᠣᠯᠪᠠ᠃ | ︵ᠨᠢᠭᠡ︶ ᠲᠤᠭᠤᠷᠢᠭ ᠲᠤ ᠰᠠᠭᠤᠭ᠎ᠠ ᠠᠵᠤ ᠠᠬᠤᠶᠢᠯᠠᠯ᠃ 1 - 7 ᠰᠠᠷ᠎ᠠ ᠳᠤ᠂ ᠫᠢᠩ ᠮᠧᠶ ᠪᠦᠯᠦᠭᠯᠡᠯ᠂ | ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 41.73 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠤᠨ ᠬᠤᠷᠳᠤᠴᠠ ᠠᠴᠠ 0.1 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠶ ᠬᠡᠮᠵᠢᠶ᠎ᠡ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30% ᠶᠢ ᠡᠵᠡᠯᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠶᠢ 1.9 ᠵᠠᠭᠤᠨ ᠤ ᠨᠢᠭᠡᠴᠢ ᠳᠡᠭᠡᠭᠰᠢᠯᠡᠭᠦᠯᠪᠡ᠃ | ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠲᠥᠪ ᠠᠵᠤ ᠠᠬᠤᠶᠢᠯᠠᠯ᠃ | 1 - 7 ᠰᠠᠷ᠎ᠠ ᠳᠤ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ 76.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 6.0% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ 55.2% ᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.3 ᠵᠠᠭᠤᠨ ᠤ ᠨᠢᠭᠡᠴᠢ | ᠳᠡᠭᠡᠭᠰᠢᠯᠡᠭᠦᠯᠪᠡ︔ ᠠᠵᠤ ᠦᠢᠯᠡᠰ ᠤᠨ ᠲᠥᠪ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ 7.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ | ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠤᠨ 5.7% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠤᠨ ᠨᠡᠮᠡᠭᠳᠡᠯ ᠤᠨ ᠬᠤᠷᠳᠤᠴᠠ ᠶᠢ 0.7 ᠵᠠᠭᠤᠨ ᠤ ᠨᠢᠭᠡᠴᠢ ᠳᠣᠷᠤᠭᠰᠢᠯᠠᠭᠤᠯᠪᠠ᠃ | ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃ 1 - 7 ᠰᠠᠷ᠎ᠠ ᠳᠤ᠂ | ᠦᠢᠯᠡᠳᠬᠦᠨ ᠤ ᠥᠷᠲᠡᠭ ᠨᠢ ᠳ᠋ᠦᠩᠰᠢᠭᠤᠷ ᠬᠡᠲᠦᠷᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 9 ᠪᠠᠶᠢᠵᠤ᠂ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 124.55 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 89.5% ᠶᠢ ᠡᠵᠡᠯᠡᠵᠦ᠂ ᠳᠡᠭᠡᠳᠦ | ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ | ᠨᠡᠮᠡᠭᠳᠡᠯ ᠤᠨ ᠬᠤᠷᠳᠤᠴᠠ ᠶᠢ 5.4 ᠵᠠᠭᠤᠨ ᠤ ᠴᠡᠭ ᠳᠡᠭᠡᠭᠰᠢᠯᠡᠭᠦᠯᠪᠡ᠃ | ︵ᠲᠦᠷᠪᠡ︶ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠃ 7 ᠰᠠᠷ᠎ᠠ ᠳᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ 11 ᠪᠠᠶᠢᠵᠤ᠂ 1 - 7 ᠰᠠᠷ᠎ᠠ ᠳᠤ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 0.51 ᠳ᠋ᠦᠩᠰᠢᠭᠤᠷ ᠲᠥᠭᠦᠷᠢᠭ ᠪᠠᠭᠠᠰᠴᠠᠶ᠃ | ︵ᠲᠠᠪᠤ︶ ᠦᠢᠯᠡᠳᠬᠦᠨ ᠤ ᠥᠷᠲᠡᠭ ᠨᠢ ᠰᠥᠭᠡᠷᠬᠦ ᠨᠡᠮᠡᠭᠳᠡᠯ ᠲᠠᠢ ᠠᠵᠤ ᠠᠬᠤᠶᠢᠯᠠᠯ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ 32 ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | ᠰᠥᠭᠡᠷᠭᠦ ᠨᠡᠮᠡᠭᠳᠡᠭᠰᠡᠨ ᠠᠵᠤ ᠠᠬᠤᠶᠢᠯᠠᠯ ᠪᠠᠶᠢᠪᠠ᠃ 1 - 7 ᠰᠠᠷ᠎ᠠ ᠳᠤ ᠦᠢᠯᠡᠳᠬᠦᠨ ᠤ ᠥᠷᠲᠡᠭ 38.43 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠪᠠᠷ ᠪᠠᠭᠤᠷᠠᠵᠤ᠂ | ᠳᠣᠷᠣᠭᠰᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠶᠢ 4.8 ᠵᠠᠭᠤᠨ ᠤ ᠴᠡᠭ ᠳᠣᠷᠤᠭᠰᠢᠯᠠᠭᠤᠯᠪᠠ᠃ | ︵ᠵᠢᠷᠭᠤᠭ᠎ᠠ︶ ᠭᠤᠷᠪᠠᠨ ᠶᠡᠭᠡ ᠭᠤᠤᠯ ᠠᠵᠢᠯ ᠲᠥᠷᠥᠯ᠃ 1 - 7 ᠰᠠᠷ᠎ᠠ ᠳᠤ᠂ ᠡᠨᠧᠷᠭᠢ᠂ ᠢᠳᠡᠭᠡᠨ | ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠦᠷᠳᠡᠭ 133. | 45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ | ᠶᠡᠷᠦᠩᠬᠡᠢ ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 96% ᠶᠢ ᠡᠵᠡᠯᠡᠵᠦ᠂ ᠳᠡᠭᠡᠳᠦ | ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ | ᠨᠡᠮᠡᠭᠳᠡᠯ ᠤᠨ ᠬᠤᠷᠳᠤᠴᠠ ᠶᠢ 4.7 ᠵᠠᠭᠤᠨ ᠬᠤᠪᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ | ᠲᠥᠷᠥᠯ ᠤᠨ ᠦᠢᠯᠡᠳᠬᠦᠨ ᠤ ᠥᠷᠲᠡᠭ 51.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.7% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 37.4% ᠶᠢ ᠡᠵᠡᠯᠡᠵᠦ᠂ ᠳᠡᠭᠡᠳᠦ ᠱᠠᠲᠤᠨ ᠠᠴᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ | ᠬᠤᠷᠳᠤᠴᠠ ᠶᠢ 2.2 ᠵᠠᠭᠤᠨ ᠤ ᠨᠢᠭᠡᠴᠢ ᠳᠡᠭᠡᠭᠰᠢᠯᠡᠭᠦᠯᠪᠡ︔ ᠢᠳᠡᠭᠡᠨ ᠡᠳ᠋ᠰᠢᠭᠦᠯᠬᠦ ᠠᠵᠢᠯ ᠲᠥᠷᠥᠯ ᠤᠨ | ᠦᠢᠯᠡᠳᠬᠦᠨ ᠤ ᠥᠷᠲᠡᠭ 39.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.0% ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠤᠨ 28.3% ᠶᠢ ᠡᠵᠡᠯᠡᠵᠦ᠂ ᠳᠣᠷᠣᠭᠰᠢ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠨᠡᠮᠡᠭᠳᠡᠯ ᠤᠨ ᠬᠤᠷᠳᠤᠴᠠ ᠶᠢ 1.0 ᠵᠠᠭᠤᠨ ᠤ ᠨᠢᠭᠡᠴᠢ ᠳᠣᠷᠤᠭᠰᠢᠯᠠᠭᠤᠯᠪᠠ︔ | ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 42.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠨ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.5 ᠵᠠᠭᠤᠨ ᠤ | ᠨᠢᠭᠡᠴᠢ ᠳᠡᠭᠡᠭᠰᠢᠯᠡᠭᠦᠯᠪᠡ᠃ | ︵ᠳᠤᠯᠤᠭ᠎ᠠ︶ ᠭᠤᠤᠯ ᠪᠤᠯᠬᠤ ᠠᠵᠤ ᠥᠢᠯᠡᠳᠪᠥᠷᠢ ᠶᠢᠨ ᠪᠦᠲᠦᠭᠡᠭᠳᠡᠬᠦᠨ ᠤ ᠭᠠᠷᠤᠯᠲᠠ᠃ 1 - 7 ᠰᠠᠷ᠎ᠠ ᠳᠤ | ᠂ ᠲᠦᠭᠦᠬᠡᠶ ᠨᠡᠭᠦᠷᠡᠰᠦᠨ ᠤ ᠭᠠᠷᠤᠯᠲᠠ 1014.8 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.5% ᠪᠠᠷ ᠨᠡᠮᠡᠭᠳᠡᠪᠡ᠂ ᠡᠭᠦᠨ ᠳᠤ᠄ ᠫᠢᠩ ᠮᠧᠶ ᠪᠦᠯᠦᠭᠯᠡᠯ ᠤᠨ ᠲᠦᠭᠦᠬᠡᠶ | ᠨᠡᠭᠦᠷᠡᠰᠦᠨ ᠤ ᠭᠠᠷᠤᠯᠲᠠ 976.4 ᠲᠦᠮᠡᠨ ᠲᠣᠨ ᠳᠤ ᠬᠦᠷᠴᠦ᠂ 20.3% ᠪᠠᠷ ᠨᠡᠮᠡᠭᠳᠡᠪᠡ︔ ᠴᠠᠬᠢᠯᠭᠠᠨ | ᠭᠠᠷᠭᠠᠭᠰᠠᠨ ᠬᠡᠮᠵᠢᠶ᠎ᠡ 63.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 7.1% ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ | ᠭᠠᠷᠭᠠᠭᠰᠠᠨ ᠬᠡᠮᠵᠢᠶ᠎ᠡ 41.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 13.8% ᠪᠠᠷ ᠪᠠᠭᠤᠷᠠᠪᠠ︔ ᠬᠡᠦᠷᠡᠰᠦ ᠶᠢᠨ ᠭᠠᠷᠤᠯᠲᠠ 33.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.7% ᠪᠠᠷ ᠨᠡᠮᠡᠭᠳᠡᠪᠡ︔ ᠰᠢᠩᠭᠡᠨ ᠪᠡᠶᠡᠲᠦ ᠰᠦ ᠶᠢᠨ ᠭᠠᠷᠤᠯᠲᠠ 6.2 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.3% ᠪᠠᠷ ᠪᠠᠭᠤᠷᠠᠪᠠ᠂ ᠲᠡᠵᠢᠭᠡᠯ ᠪᠣᠷᠳᠣᠭᠠᠨ ᠤ | ᠨᠡᠮᠡᠯᠲᠡ ᠡᠳ᠋ ᠤᠨ ᠭᠠᠷᠤᠯᠲᠠ 25.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 1% ᠪᠠᠷ ᠨᠡᠮᠡᠭᠳᠡᠪᠡ᠃ | ︵ᠨᠠᠢᠮᠠ︶ ᠠᠵᠤ ᠠᠬᠤᠶᠢᠯᠠᠯ ᠤᠨ ᠦᠷ᠎ᠡ ᠠᠰᠢᠭ᠃ 1 - 7 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 141.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠡᠵᠡᠩᠨᠡᠯᠲᠡ ᠶᠢᠨ ᠠᠰᠢᠭ ᠣᠷᠣᠯᠭ᠎ᠠ 1.1 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9 ᠳ᠋ᠦᠩᠰᠢᠭᠤᠷ ᠲᠥᠭᠦᠷᠢᠭ ᠪᠠᠭᠠᠰᠪᠠ᠃ | ︵ᠶᠢᠰᠦ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ 1 - 7 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ 102.2 ᠲᠦᠮᠡᠨ ᠲᠣᠨ | ᠪᠠᠷᠢᠮᠵᠢᠶᠠᠲᠤ ᠨᠡᠭᠦᠷᠡᠰᠦ ᠪᠣᠯᠤᠨ᠎ᠠ᠃︶ ᠠᠳᠠᠯᠢ ᠬᠤᠭᠤᠴᠠᠭᠠᠨ ᠤ ᠬᠢ ᠠᠴᠠ 2.7 ᠲᠦᠮᠡᠨ ᠲᠣᠨ ᠪᠠᠷᠢᠮᠵᠢᠶᠠᠲᠤ | ᠨᠡᠭᠦᠷᠡᠰᠦ ᠨᠡᠮᠡᠭᠳᠡᠵᠦ᠂ 2.8% ᠨᠡᠮᠡᠭᠳᠡᠪᠡ᠃ ᠴᠠᠬᠢᠯᠭᠠᠨ ᠬᠦᠴᠦᠨ ᠤ ᠬᠡᠷᠡᠭᠯᠡᠭᠡ 16.8 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠪᠡ | 1 - 7 ᠰᠠᠷ᠎ᠠ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 116 ︵ᠬᠡᠷ ᠪᠠᠶᠢᠰᠢᠩ | ᠭᠠᠵᠠᠷ ᠬᠥᠷᠥᠩᠭᠡ ᠶᠢᠨ ᠲᠥᠷᠥᠯ ᠵᠦᠢᠯ 4 ᠶᠢ ᠪᠠᠭᠲᠠᠭᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠲᠥᠷᠥᠯ | ᠵᠦᠢᠯ 92 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠢ ᠪᠠᠭᠲᠠᠭᠠᠨ᠎ᠠ︶᠂ 50.8 ᠳ᠋ᠦᠩᠰᠢᠭᠤᠷ | ᠲᠥᠭᠦᠷᠢᠭ ︵ᠡᠭᠦᠨ ᠳᠤ ᠥᠪᠥᠷ ᠮᠣᠩᠭᠤᠯ ᠤᠨ ᠮᠢᠩ ᠶᠤᠸᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠳᠡᠭᠡᠳᠦ ᠲᠠᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ | ᠬᠠᠷᠠᠴᠢᠨ ᠬᠤᠰᠢᠭᠤᠨ ᠳᠤ ᠬᠤᠪᠢᠶᠠᠵᠤ ᠥᠭᠭᠦᠭᠰᠡᠨ 1476 ᠲᠦᠮᠡᠨ ᠲᠥᠭᠦᠷᠢᠭ᠂ ᠵᠢᠴᠢ ᠤᠯᠠᠭᠠᠨᠬᠠᠳᠠ | ᠬᠤᠲᠠ ᠶᠢᠨ ᠨᠢᠩ ᠪᠦᠦ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠪᠥᠷᠢ | 100 ᠲᠦᠮᠡᠨ ᠲᠣᠨ ᠲᠡᠮᠦᠷ ᠤᠨ ᠬᠠᠶᠢᠯᠤᠰᠢ ᠭᠠᠷᠭᠠᠬᠤ ᠲᠥᠷᠥᠯ ᠵᠦᠢᠯ ᠤᠨ ᠨᠢᠩᠴᠧᠩ ᠳᠤ ᠬᠤᠪᠢᠶᠠᠵᠤ | ᠥᠭᠭᠦᠭᠰᠡᠨ 8575 ᠲᠦᠮᠡᠨ ᠲᠥᠭᠦᠷᠢᠭ ᠵᠢᠴᠢ ᠵᠢᠯ ᠤᠨ ᠭᠠᠷᠤᠯᠲᠠ 1.3 ᠲᠦᠮᠡᠨ ᠲᠣᠨ ᠤ ᠰᠢᠷᠬᠡᠭᠯᠢᠭ ᠡᠳ᠋ ᠤᠨ | ᠰᠢᠷᠢᠰ ᠦᠢᠯᠡᠳᠬᠦᠨ ᠤ ᠲᠥᠷᠥᠯ ᠵᠦᠢᠯ ᠤᠨ ᠬᠤᠩᠱᠠᠨ ᠲᠣᠭᠤᠷᠢᠭ ᠲᠤ ᠬᠤᠪᠢᠶᠠᠵᠦ ᠥᠭᠭᠦᠭᠰᠡᠨ 4545 ᠲᠥᠮᠡᠨ | ᠲᠥᠭᠦᠷᠢᠭ᠂ ᠨᠡᠶᠢᠲᠡ 14596 ᠲᠦᠮᠡᠨ ᠲᠥᠭᠦᠷᠢᠭ ᠢ ᠬᠠᠰᠤᠪᠠ︶ ᠥᠭᠴᠦ᠂ ᠠᠳᠠᠯᠢ | ᠬᠤᠭᠤᠴᠠᠭᠠᠨ ᠤ ᠬᠢ ᠠᠴᠠ 18.2% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ | ᠵᠢᠯ ᠤᠨ ᠬᠢ ᠠᠴᠠ 6.3 ᠵᠠᠭᠤᠨ ᠤ ᠨᠢᠭᠡᠴᠢ ᠥᠨᠳᠥᠷ ᠪᠣᠯᠪᠠ᠃ ᠡᠭᠦᠨ ᠳᠤ᠂ 5000 ᠲᠦᠮᠡᠨ ᠲᠥᠭᠦᠷᠢᠭ ᠠᠴᠠ | ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ 77 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ | ᠵᠦᠢᠯ ᠢ ᠪᠠᠭᠲᠠᠭᠠᠬᠤ ᠥᠬᠡᠶ︶ ᠪᠠᠶᠢᠵᠤ᠂ 46.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠡᠶ᠃ | ᠠᠵᠤ ᠦᠢᠯᠡᠰ ᠢᠶᠠᠷ ᠬᠤᠪᠢᠶᠠᠵᠤ ᠥᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠳᠤ 2.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 48.6% ᠪᠠᠷ | ᠨᠡᠮᠡᠭᠳᠡᠵᠦ᠂ ᠶᠡᠷᠦᠩᠬᠡᠶ ᠬᠡᠮᠵᠢᠶᠡᠨ ᠤ 4.7% ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠳᠤ 35.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ 10.7% ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 70.7% ᠶᠢ ᠡᠵᠡᠯᠡᠪᠡ︔ ᠭᠤᠷᠪᠠᠳᠤᠭᠠᠷ | ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 12.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 39.8% ᠪᠠᠷ ᠨᠡᠮᠡᠭᠳᠡᠨ᠂ ᠶᠡᠷᠦᠩᠬᠡᠢ ᠬᠡᠮᠵᠢᠶᠡᠨ ᠤ 24.6% ᠶᠢ ᠡᠵᠡᠯᠡᠪᠡ᠃ | | ᠭᠠᠵᠠᠷ ᠣᠷᠤᠨ ᠢᠶᠠᠷ ᠬᠤᠪᠢᠶᠠᠵᠤ ᠥᠵᠡᠪᠡᠯ᠂ ᠠᠵᠤ ᠦᠢᠯᠡᠰ ᠤᠨ ᠬᠦᠷᠢᠶᠡᠯᠡᠩ ᠤᠨ ᠪᠡᠯᠡ | ᠣᠷᠤᠭᠤᠯᠤᠯᠲᠠ ᠶᠢᠨ ᠲᠥᠷᠦᠯ ᠵᠦᠢᠯ ᠳᠤ 1.7 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ ᠲᠥᠷᠦᠯ ᠵᠦᠢᠯ ᠳᠤ 18.5 ᠳ᠋ᠦᠩᠰᠢᠭᠤᠷ ᠲᠦᠭᠦᠷᠢᠭ ᠤᠨ ᠪᠡᠯᠡ | ᠣᠷᠤᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠤᠭᠤᠯᠤᠯᠲᠠ ᠶᠢᠨ 36.6% ᠶᠢ ᠡᠵᠡᠯᠡᠪᠡ᠃ | ᠪᠡᠯᠡ ᠣᠷᠣᠭᠤᠯᠤᠯᠲᠠ ᠶᠢᠨ ᠬᠡᠪᠴᠢᠶ᠎ᠡ ᠠᠴᠠ ᠥᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢᠨ ᠲᠥᠷᠥᠯ ᠵᠦᠢᠯ 9 ᠪᠠᠶᠢᠵᠤ᠂ 260 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 51.2% ᠢ ᠡᠵᠡᠯᠡᠪᠡ︔ 5-10 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 8 ᠪᠠᠶᠢᠵᠤ᠂ 6.7 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 13.2% ᠢ ᠡᠵᠡᠯᠡᠪᠡ︔ 1.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ 43 ᠪᠠᠶᠢᠵᠤ᠂ 12.4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 24.4% ᠶᠢ ᠪᠡᠶᠡᠯᠡᠭᠦᠯᠪᠡ︔ 0.5-1 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢᠨ ᠲᠥᠷᠥᠯ ᠵᠦᠢᠯ 21 ᠪᠠᠶᠢᠵᠤ᠂ 3.6 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 7.1% ᠶᠢ ᠪᠡᠶᠡᠯᠡᠭᠦᠯᠪᠡ︔ 0.5 ᠳ᠋ᠦᠩᠰᠢᠭᠤᠷ ᠲᠥᠭᠦᠷᠢᠭ ᠠᠴᠠ | ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 35 ᠪᠠᠶᠢᠵᠤ᠂ 2.1 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠦ᠂ 2.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ 4.1% ᠶᠢ ᠡᠵᠡᠯᠡᠪᠡ᠃ | ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ ᠠᠴᠠ ᠦᠵᠡᠪᠡᠯ᠂ ᠦᠷᠭᠦᠯᠵᠢᠯᠡᠨ | ᠪᠠᠶᠢᠭᠤᠯᠵᠤ ᠪᠠᠶᠢᠭ᠎ᠠ ᠪᠠᠯᠠ ᠣᠷᠣᠭᠤᠯᠤᠯᠲᠠ ᠶᠢᠨ ᠲᠥᠷᠥᠯ ᠵᠦᠢᠯ 85 ᠪᠠᠶᠢᠵᠤ᠂ ᠪᠥᠬᠦ ᠪᠠᠯᠠ ᠣᠷᠣᠭᠤᠯᠤᠯᠲᠠ ᠶᠢᠨ | ᠲᠥᠷᠥᠯ ᠵᠦᠢᠯ ᠤᠨ 73.3% ᠶᠢ ᠡᠵᠡᠯᠡᠵᠦ᠂ 38.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠶᠢᠨ 76.1% ᠶᠢ ᠡᠵᠡᠯᠡᠪᠡ︔ ᠰᠢᠨ᠎ᠡ ᠪᠠᠷ ᠪᠠᠶᠢᠭᠤᠯᠤᠭᠰᠠᠨ | ᠪᠠᠯᠠ ᠣᠷᠣᠭᠤᠯᠤᠯᠲᠠ ᠶᠢᠨ ᠲᠥᠷᠥᠯ ᠵᠦᠢᠯ 31 ᠪᠠᠶᠢᠵᠤ᠂ ᠪᠥᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | 26.7% ᠶᠢ ᠡᠵᠡᠯᠡᠵᠦ᠂ 12.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠶᠡᠷᠦᠩᠬᠡᠶ ᠪᠠᠯᠠ ᠣᠷᠣᠭᠤᠯᠤᠯᠲᠠ ᠶᠢᠨ 23.9% ᠶᠢ ᠪᠡᠶᠡᠯᠡᠭᠦᠯᠪᠡ᠃ | ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠠᠴᠠ ᠥᠵᠡᠪᠡᠯ᠂ ᠪᠡᠯᠡ ᠣᠷᠣᠭᠤᠯᠤᠯᠲᠠ ᠶᠢᠨ | ᠬᠥᠮᠥᠷᠭᠡ ᠳᠤ ᠪᠠᠶᠢᠭ᠎ᠠ 116 ᠲᠥᠷᠥᠯ ᠵᠦᠢᠯ ᠳᠣᠲᠣᠷ᠎ᠠ 24 ᠲᠥᠷᠥᠯ ᠵᠦᠢᠯ ᠠᠵᠢᠯ ᠢᠶᠠᠨ ᠡᠬᠢᠯᠡᠭᠦᠯᠦᠭᠰᠡᠨ | ᠦᠭᠡᠢ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 20.7% ᠶᠢ ᠡᠵᠡᠯᠡᠪᠡ᠂ ᠡᠭᠦᠨ ᠳᠤ 8 ᠪᠡᠯᠡ | ᠣᠷᠣᠭᠤᠯᠤᠯᠲᠠ ᠶᠢᠨ ᠲᠥᠷᠥᠯ ᠵᠦᠢᠯ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠡᠨᠡ ᠵᠢᠯ ᠬᠥᠮᠥᠷᠭᠡ ᠠᠴᠠ | ᠭᠠᠷᠭᠠᠬᠤ ᠪᠠᠷ ᠪᠡᠯᠡᠳᠬᠡᠵᠦ ᠪᠠᠶᠢᠨ᠎ᠠ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠠᠯᠬᠤᠮ ᠠᠯᠬᠤᠮ ᠢᠶᠠᠷ ᠰᠡᠷᠭᠦᠪᠡ | 7 ᠰᠠᠷ᠎ᠠ ᠳᠤ ᠠᠷᠠᠯᠵᠢᠶᠠᠨ ᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠶᠢ 2 729 | ᠲᠦᠮᠡᠨ ᠲᠥᠭᠦᠷᠢᠭ ᠪᠡᠶᠡᠯᠡᠭᠦᠯᠵᠦ᠂ 2.8% ᠪᠠᠷ ᠨᠡᠮᠡᠭᠳᠡᠪᠡ᠃ 1 - 7 ᠰᠠᠷ᠎ᠠ ᠳᠤ᠂ ᠠᠷᠠᠯᠵᠢᠶᠠᠨ ᠤ ᠠᠵᠤ | ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 20558.6 ᠲᠦᠮᠡᠨ ᠲᠥᠭᠦᠷᠢᠭ ᠲᠤ ᠬᠦᠷᠴᠦ᠂ 12. | 5% ᠪᠠᠷ ᠨᠡᠮᠡᠭᠳᠡᠪᠡ᠃ | 1 — 7 ᠳ᠋ᠤᠭᠠᠷ ᠰᠠᠷ᠎ᠠ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠶᠢ 23.76 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1.7% ᠪᠠᠷ ᠨᠡᠮᠡᠭᠳᠡᠪᠡ | ᠃ | ᠳᠥᠷᠪᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ | ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠵᠢᠭᠡᠯᠡᠯᠭᠡ ᠶᠢᠨ | ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠪᠡ᠃ | 1 - 7 ᠳ᠋ᠤᠭᠠᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10.68 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 16.38 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 15. | 4% ᠪᠠᠷ ᠪᠠᠭᠤᠷᠠᠪᠠ᠃ 7 ᠳ᠋ᠤᠭᠠᠷ ᠰᠠᠷ᠎ᠠ ᠶᠢᠨ ᠰᠡᠭᠦᠯᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ | ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 350.50 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ | ᠡᠬᠢᠨ ᠤ ᠬᠢ ᠠᠴᠠ 1.8% ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ | ᠦᠯᠡᠳᠡᠪᠦᠷᠢ 320.15 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.5% ᠪᠠᠷ | ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 275. | 43 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 7.7% ᠪᠠᠷ ᠨᠡᠮᠡᠭᠳᠡᠪᠡ᠃ | |