ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠎ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22
   
a1_副本.jpg
       8 ᠰᠠᠷ᠎ᠠ ᠶᠢᠨ 20᠎ ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠎ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠ ᠱᠦ ᠱᠦᠨ ᠶᠠᠷᠢᠯᠴᠠᠬᠤ ᠬᠤᠷᠠᠯ ᠳᠤ ᠣᠷᠣᠯᠴᠠᠪᠠ     ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠎ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠎ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠣᠳᠣᠬᠠᠨ ᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠦᠨᠡᠨ ᠬᠦ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1