ᠨᠢᠭᠡ᠂ ᠲᠥᠰᠦᠯ ᠢ ᠵᠠᠷᠯᠠᠨ ᠨᠡᠶᠢᠲᠡᠯᠡᠬᠦ ᠲᠦᠢᠮᠤ | ᠲᠥᠷᠥᠯ ᠵᠦᠢᠯ ᠨᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ | ᠪᠠᠯᠭᠠᠰᠤᠨ ᠳᠤ ᠪᠠᠶᠢᠷᠢᠯᠠᠵᠤ᠂ ᠲᠥᠷᠥᠯ ᠵᠦᠢᠯ ᠨᠢ 4770 ᠮᠧᠳ᠋ᠷ ᠪᠣᠷᠤᠭᠠᠨ ᠤ ᠣᠰᠤᠨ ᠤ ᠬᠤᠭᠤᠯᠠᠢ ᠶᠢᠨ ᠲᠣᠣᠷ | ᠪᠠ ᠪᠤᠰᠤᠳ ᠢᠵᠢ ᠪᠦᠷᠢᠳᠦᠭᠦᠯᠬᠦ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠡᠭᠦᠨ ᠳᠤ | ᠪᠣᠷᠣᠭᠠᠨ ᠤ ᠤᠰᠤᠨ ᠤ ᠬᠤᠭᠤᠯᠠᠶ ᠶᠢᠨ ᠲᠣᠣᠷ ᠲᠤ᠄ ︵1︶ ᠳᠣᠲᠣᠭᠠᠳᠤ ᠲᠣᠭᠤᠷᠢᠯ ᠤᠨ ᠪᠠᠷᠠᠭᠤᠨ ᠵᠠᠮ ︵ | ᠳᠣᠲᠣᠭᠠᠳᠤ ᠲᠣᠭᠤᠷᠢᠯ ᠤᠨ ᠬᠤᠶᠢᠲᠤ ᠵᠠᠮ - ᠳᠣᠲᠣᠭᠠᠳᠤ ᠲᠣᠭᠤᠷᠢᠯ ᠤᠨ ᠡᠮᠦᠨ᠎ᠡ ᠵᠠᠮ︶᠄ ᠪᠣᠷᠣᠭᠠᠨ ᠤ | ᠤᠰᠤᠨ ᠤ ᠬᠤᠭᠤᠯᠠᠶ ᠶᠢᠨ ᠲᠣᠣᠷ ᠢ 3100 ᠮᠧᠳ᠋ᠷ ᠰᠢᠨ᠎ᠡ ᠪᠠᠷ ᠪᠠᠶᠢᠭᠤᠯᠬᠤ ᠵᠢᠴᠢ ᠪᠤᠰᠤᠳ ᠢᠵᠢ ᠪᠦᠷᠢᠳᠦᠭᠦᠯᠬᠦ | ᠢᠨᠵᠧᠨᠧᠷᠢᠩ ︵2︶ ᠳᠣᠲᠣᠭᠠᠳᠤ ᠲᠣᠭᠤᠷᠢᠯ ᠤᠨ ᠡᠮᠦᠨ᠎ᠡ ᠵᠠᠮ ︵ᠳᠣᠲᠣᠭᠠᠳᠤ ᠲᠣᠭᠤᠷᠢᠯ ᠤᠨ ᠪᠠᠷᠠᠭᠤᠨ ᠵᠠᠮ - | ᠰᠦᠩᠱᠠᠨ ᠵᠠᠮ︶᠄ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ 1670 ᠮᠧᠳ᠋ᠷ ᠰᠢᠨ᠎ᠡ ᠪᠠᠷ ᠪᠠᠶᠢᠭᠤᠯᠬᠤ | ᠵᠢᠴᠢ ᠪᠤᠰᠤᠳ ᠢᠵᠢ ᠪᠥᠷᠢᠳᠦᠭᠦᠯᠬᠦ ᠢᠨᠵᠧᠨᠧᠷᠢᠩ᠃ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ | ᠬᠤᠭᠤᠴᠠᠭ᠎ᠠ ᠨᠢ 2025 ᠣᠨ ᠤ 4 ᠰᠠᠷ᠎ᠠ ᠠᠴᠠ 2026 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠃ | ᠬᠤᠶᠠᠷ᠂ ᠦᠨᠳᠦᠰᠦᠯᠡᠯ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ | ᠬᠡᠷᠡᠭᠵᠢᠭᠦᠯᠬᠦ ᠲᠦᠷᠢᠮ︾ ︵ᠤᠯᠤᠰ ᠤᠨ ᠵᠠᠷᠯᠢᠭ 713 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠵᠠᠰᠠᠭ ᠤᠨ ᠵᠠᠷᠯᠢᠭ 248 ᠳ᠋ᠤᠭᠠᠷ ᠲᠣᠭᠠᠲᠤ︶ ᠵᠢᠴᠢ ︽ | ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ᠵᠢᠴᠢ ᠬᠠᠮᠢᠶ᠎ᠠ ᠪᠥᠬᠦᠶ 6 ᠵᠦᠢᠯ ᠤᠨ ᠲᠦᠷᠢᠮ ᠤᠨ ᠮᠡᠳᠡᠭᠳᠡᠯ ︵ᠤᠯᠠᠭᠠᠨᠬᠠᠳᠠ | ᠵᠠᠰᠠᠭ ᠲᠠᠷᠬᠠᠭᠠᠭᠰᠠᠨ ﹇2021﹈ 12 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠵᠡᠷᠭᠡ ᠬᠠᠤᠯᠢ ᠲᠣᠭᠲᠠᠭᠠᠯ | ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠣᠲᠣ ᠲᠥᠰᠦᠯ ᠢ ᠵᠠᠷᠯᠠᠨ | ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ | ᠪᠠᠶᠠᠷᠯᠠᠨ ᠤᠭᠲᠤᠨ᠎ᠠ᠃ ᠬᠠᠷᠢᠭᠤ ᠲᠤᠰᠬᠠᠬᠤ ᠦᠶ᠎ᠡ ᠳᠡᠭᠡᠨ ᠲᠠᠨ ᠤ ᠣᠪᠣᠭ ᠨᠡᠷ᠎ᠡ ᠪᠣᠯᠣᠨ ᠬᠠᠷᠢᠯᠴᠠᠬᠤ | ᠤᠲᠠᠰᠤ ᠪᠠᠨ ᠦᠯᠡᠳᠡᠭᠡᠵᠦ᠂ ᠪᠢᠳᠡᠨ ᠤ ᠨᠡᠪᠲᠡᠷᠡᠯᠴᠡᠬᠦ ᠳᠤ ᠳᠥᠭᠦᠮ ᠪᠣᠯᠭᠠᠭᠠᠷᠠᠢ᠃ | ᠰᠢᠢᠳᠪᠦᠷᠢᠲᠦ ᠪᠣᠳᠣᠯᠭ᠎ᠠ ᠶᠢ ᠳᠠᠭᠠᠭᠠᠴᠢᠯᠠᠭᠰᠠᠨ ᠨᠢᠭᠡᠴᠢ᠄ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠣᠷᠤᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠬᠤᠯᠤᠯᠲᠠ ᠶᠢᠨ ᠲᠤᠪᠴᠢᠶ᠎ᠠ᠃ | ᠬᠠᠷᠢᠯᠴᠠᠬᠤ ᠬᠥᠮᠥᠨ᠄ ᠯᠢ ᠮᠢᠩ ᠰᠢᠨ | ᠬᠠᠷᠢᠯᠴᠠᠬᠤ ᠤᠲᠠᠰᠤ᠄ 0476 - 2788678 | ᠢᠮᠧᠯ᠄ ybs_jsj@163.com | ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠨᠠᠶᠢᠷᠠᠭᠤᠯᠤᠨ ᠲᠤᠭᠤᠷᠪᠢᠬᠤ ᠨᠢᠭᠡᠴᠢ᠄ | ᠥᠪᠥᠷ ᠮᠤᠩᠭᠤᠯ ᠤᠨ ᠪᠥᠸᠧ ᠰᠢᠶᠦ᠋ᠨ ᠢᠨᠵᠧᠨᠧᠷᠢᠩ ᠤᠨ ᠮᠡᠷᠭᠡᠵᠢᠯ ᠤᠨ ᠵᠥᠪᠯᠡᠯᠭᠡ ᠥᠭᠬᠦ ᠬᠢᠵᠠᠭᠠᠷᠲᠤ | ᠺᠤᠮᠫᠠᠨᠢ ᠶᠢᠨ ᠤᠯᠠᠭᠠᠨᠬᠠᠳᠠ ᠶᠢᠨ ᠨᠢᠭᠡᠳᠦᠭᠡᠷ ᠬᠤᠪᠢᠶᠠᠷᠢ ᠺᠤᠮᠫᠠᠨᠢ᠃ | ᠬᠠᠷᠢᠯᠴᠠᠬᠤ ᠬᠥᠮᠦᠨ᠄ ᠰᠢᠤᠢ ᠶᠢᠩ | ᠬᠠᠷᠢᠯᠴᠠᠬᠤ ᠤᠲᠠᠰᠤ᠄ 0476 - 8303201᠃ | ᠢᠮᠧᠯ᠄ neimengboxun@163.com᠃ | ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ᠄ | 2024 ᠣᠨ ᠤ 8 ᠰᠠᠷ᠎ᠠ ᠶᠢᠨ 26 ᠤ ᠡᠳᠦᠷ ᠠᠴᠠ 2024 ᠣᠨ ᠤ 9 ᠰᠠᠷ᠎ᠠ ᠶᠢᠨ 25 ᠤ ᠡᠳᠦᠷ | ᠪᠣᠯᠲᠠᠯ᠎ᠠ᠃ | | ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ | ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 2024 ᠣᠨ ᠤ 8 ᠰᠠᠷ᠎ᠠ ᠶᠢᠨ 26 ᠤ ᠡᠳᠦᠷ | |