ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2024 ᠣᠨ ᠤ 8 ᠰᠠᠷ᠎ᠠ ᠶᠢᠨ 27 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ | ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ 2024 ᠣᠨ ᠤ 8 | ᠰᠠᠷ᠎ᠠ ᠶᠢᠨ 27 ᠤ ᠡᠳᠦᠷ ᠫᠢᠩᠵᠤᠸᠠᠩ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 26 ᠬᠥᠮᠦᠨ᠂ | ᠣᠷᠣᠯᠠᠭᠴᠢ ᠭᠡᠰᠢᠭᠦᠨ 6 ᠬᠥᠮᠦᠨ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶᠠᠨ ᠤ ᠤᠳᠤᠷᠢᠳᠬᠤ ᠨᠥᠬᠦᠳ | ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ | ᠵᠥᠪᠯᠡᠯ ᠤᠨ ᠭᠡᠰᠢᠭᠦᠨ᠂ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ | ᠨᠥᠬᠦᠳ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠲᠤᠭᠤᠷᠢᠭ ᠲᠤ ᠰᠠᠭᠤᠭ᠎ᠠ ᠬᠤᠯᠪᠣᠭᠳᠠᠯ | ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠡᠰᠡᠭ | ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | | 8 ᠰᠠᠷ᠎ᠠ ᠶᠢᠨ 27 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ | ᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | | ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠠᠷᠢᠶ᠎ᠠ ᠲᠠᠯᠪᠢᠪᠠ᠃ | | | | 8 ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ | ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ ᠪᠦᠬᠦᠳᠡ | ᠬᠤᠷᠠᠯ ᠫᠢᠩᠵᠤᠸᠠᠩ ᠳᠤ ᠬᠤᠷᠠᠯᠳᠤᠪᠠ᠃ | | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ | ᠪᠣᠯᠣᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ︿ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ﹀ ︵ᠶᠠᠷᠢᠯᠴᠠᠬᠤ ᠨᠣᠣᠷᠠᠭ︶ | ︾ ᠢ ᠬᠢᠨᠠᠨ ᠵᠥᠪᠯᠡᠵᠦ ᠪᠠᠲᠤᠯᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ ᠼᠤᠤ ᡁᠢ ᠶᠦᠩ ︽ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾ ᠤᠨ ᠲᠤᠬᠠᠶ | ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃ | ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ | ᠭᠦᠢᠴᠡᠳ ᠨᠤᠲᠠᠯᠠᠪᠠ᠃ ᠡᠨᠡ ᠵᠢᠯ ᠠᠴᠠ ᠨᠠᠭᠠᠰᠢ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠪᠥᠬᠦ ᠲᠤᠭᠤᠷᠢᠭ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠨᠠᠷᠢᠨ ᠨᠢᠮᠪᠠᠶ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠶ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠡᠯ᠎ᠡ ᠵᠦᠢᠯ ᠤᠨ ᠠᠵᠢᠯ ᠦᠢᠯᠡᠰ | ᠢᠳᠡᠪᠬᠢᠲᠡᠶ ᠠᠬᠢᠴᠠ ᠲᠠᠢ ᠪᠣᠯᠪᠠ᠃ | ᠪᠥᠬᠦᠳᠡ ᠬᠤᠷᠠᠯ ᠠᠴᠠ ᠥᠩᠭᠡᠷᠡᠭᠰᠡᠨ ᠬᠡᠳᠦᠨ ᠵᠢᠯ ᠤᠨ ᠠᠵᠢᠯ ᠢᠶᠠᠨ ᠡᠷᠭᠢᠴᠡᠭᠦᠯᠵᠦ᠂ ᠪᠥᠬᠦ ᠲᠤᠭᠤᠷᠢᠭ ᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ | ᠠᠬᠢᠭᠤᠯᠵᠤ᠂ ᠠᠮᠢ ᠠᠬᠤᠶ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ | ᠲᠣᠭᠲᠠᠭᠤᠨ ᠪᠠᠶᠢᠳᠠᠯ ᠢ ᠪᠠᠲᠤᠯᠠᠵᠤ᠂ ᠡᠯ᠎ᠡ ᠬᠦᠷᠢᠶᠡᠨ ᠳᠤ ᠨᠠᠩ ᠭᠦᠨ ᠳᠠᠪᠬᠤᠷᠭ᠎ᠠ ᠶᠢᠨ ᠬᠤᠪᠢᠷᠠᠯᠲᠠ ᠭᠠᠷᠴᠤ᠂ | ᠨᠠᠩ ᠴᠢᠨᠠᠷ ᠰᠠᠶᠢᠲᠠᠶ ᠤᠷᠤᠭᠰᠢᠯᠠᠵᠤ ᠪᠠᠶᠢᠨ᠎ᠠ ᠭᠡᠵᠦ ᠦᠵᠡᠪᠡ᠃ ᠠᠵᠤ ᠠᠬᠤᠢ ᠶᠢᠨ ᠪᠠᠭᠤᠷᠠᠯᠲᠠ ᠶᠢᠨ | ᠳᠠᠷᠤᠯᠲᠠ ᠶᠢ ᠲᠤᠯᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠤ ᠳᠤᠮᠳᠠ | ᠤᠷᠤᠭᠰᠢᠯᠠᠵᠤ᠂ ᠭᠤᠷᠪᠠᠨ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠰᠢᠨ᠎ᠡ ᠬᠠᠭᠤᠳᠠᠰᠤ ᠶᠢ ᠰᠡᠬᠦᠵᠦ᠂ ᠪᠦᠦ ᠱᠠᠨ ᠤ ᠠᠵᠤ ᠠᠬᠤᠢ | ᠭᠦᠢᠴᠡᠳ ᠬᠠᠳᠠᠨ ᠵᠣᠷᠢᠭ ᠪᠠ ᠳᠠᠯᠳᠠ ᠬᠦᠴᠦᠨ ᠢᠶᠠᠨ ᠢᠯᠡᠷᠡᠭᠦᠯᠪᠡ᠃ ᠰᠠᠭᠤᠷᠢ ᠲᠥᠬᠦᠭᠡᠷᠦᠮᠵᠢ ᠲᠠᠰᠤᠷᠠᠯᠲᠠ | ᠦᠭᠡᠢ ᠴᠢᠩᠭᠠᠷᠠᠵᠤ᠂ ᠬᠤᠲᠠ ᠶᠢᠨ ᠣᠷᠣᠨ ᠵᠠᠢ ᠦᠷᠭᠦᠯᠵᠢᠯᠡᠨ ᠥᠷᠭᠡᠳᠴᠦ᠂ ᠰᠤᠷᠭᠠᠨ ᠬᠥᠮᠦᠵᠢᠯ ᠤᠨ ᠨᠡᠷ᠎ᠡ ᠶᠢᠨ | ᠬᠠᠭᠤᠳᠠᠰᠤ ᠶᠠᠪᠤᠬᠤ ᠳᠤᠳᠤᠮ ᠭᠢᠯᠠᠯᠵᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ | ᠪᠣᠳᠠᠲᠠᠢ ᠪᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢᠯᠡᠳᠲᠡ | ᠳᠡᠭᠡᠭᠰᠢᠯᠡᠪᠡ᠃ ᠪᠦᠬᠦ ᠲᠣᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠠᠷᠢᠭᠤᠴᠠᠯᠭ᠎ᠠ ᠡᠭᠦᠷᠭᠡᠯᠡᠵᠦ᠂ | ᠬᠦᠴᠦ ᠪᠠᠨ ᠬᠠᠮᠲᠤᠳᠬᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠪᠣᠯᠤᠨ ᠤᠯᠠᠨ ᠲᠦᠮᠡᠨ ᠤ ︽ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ | ᠺᠠᠳ᠋ᠷ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠶᠡᠭᠡ ᠪᠠᠷ | ᠬᠥᠭᠵᠢᠭᠡᠵᠦ᠂ ᠪᠣᠣ ᠱᠠᠨ ᠤ ᠤᠯᠠᠨ ᠬᠦᠷᠢᠶᠡᠨ ᠳᠤ ᠰᠢᠯᠢᠳᠡᠭ ᠠᠮᠵᠢᠯᠲᠠ ᠤᠯᠬᠤ ᠶᠢ ᠠᠬᠢᠭᠤᠯᠪᠠ᠃ | ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠴᠢᠩᠭ᠎ᠠ ᠪᠣᠳᠠᠲᠠᠢ ᠠᠳᠬᠤᠬᠤ ᠪᠣᠯ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ | ᠂ ᠪᠦᠬᠦ ᠲᠣᠭᠤᠷᠢᠭ ᠢᠶᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠣᠰᠣᠭᠠᠷ᠂ ᠰᠤᠷᠤᠯᠴᠠᠨ ᠰᠤᠳᠤᠯᠬᠤ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠬᠠᠭᠤᠯᠤᠨ | ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ | ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠡᠭᠦᠷᠭᠡ ᠶᠢᠨ ᠪᠠᠶᠢᠷᠢᠯᠠᠭᠤᠯᠤᠯᠲᠠ ᠶᠣᠰᠣᠭᠠᠷ᠂ | ᠠᠵᠢᠯ ᠶᠠᠪᠤᠳᠠᠯ ᠤᠨ ᠡᠷᠬᠡ ᠶᠣᠰᠣᠭᠠᠷ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠰᠠᠶᠢᠲᠤᠷ ᠠᠳᠬᠤᠬᠤ ᠶᠢᠨ ᠬᠠᠮᠲᠤ ᠦᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ | ᠲᠦᠭᠵᠢᠷᠡᠯ ᠲᠠᠢ ᠠᠰᠠᠭᠤᠳᠠᠯ ᠲᠠᠢ ᠢᠶᠠᠨ ᠤᠶᠠᠯᠳᠤᠭᠤᠯᠤᠨ᠂ ᠦᠨᠡᠨ ᠬᠦ ᠬᠡᠷᠡᠭᠵᠢᠭᠦᠯᠵᠦ ᠪᠣᠯᠬᠤ᠂ ᠨᠠᠩ | ᠨᠠᠷᠢᠯᠢᠭᠵᠢᠭᠤᠯᠤᠭᠰᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠪᠤᠳᠠᠲᠠᠶ ᠠᠵᠢᠯ ᠤᠨ ᠳᠤᠮᠳᠠ | ᠭᠤᠷᠪᠠᠨ ᠬᠤᠣᠰ ᠬᠠᠷᠢᠴᠠᠭ᠎ᠠ ᠶᠢ ᠰᠠᠶᠢᠲᠤᠷ ᠰᠢᠢᠳᠪᠥᠷᠢᠯᠡᠬᠦ ᠬᠡᠷᠡᠭᠲᠡᠢ᠃ ᠨᠢᠭᠡ ᠳᠤ᠂ ᠦᠵᠡᠯ ᠰᠠᠨᠠᠭ᠎ᠠ ᠪᠠᠨ | ᠴᠢᠯᠥᠭᠡᠯᠡᠬᠦ ᠪᠠ ᠦᠨᠡᠨ ᠠᠴᠠ ᠵᠥᠪ ᠢ ᠡᠷᠢᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠢᠨᠧᠷᠼᠢ ᠶᠢᠨ | ᠰᠡᠳᠬᠢᠬᠦᠢ ᠶᠢ ᠡᠪᠳᠡᠬᠦ ᠮᠥᠷᠲᠡᠭᠡᠨ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠪᠠᠰᠠ ᠲᠤᠭᠤᠷᠢᠭ ᠤᠨ ᠪᠣᠳᠠᠲᠤ | ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ | ᠪᠦᠬᠦᠯᠢ ᠴᠣᠭᠴᠠ ᠪᠠᠷ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠬᠤᠯᠪᠣᠭᠠᠯᠠᠨ ᠬᠥᠳᠡᠯᠦᠯᠴᠡᠵᠦ ᠬᠠᠮᠵᠢᠯᠴᠠᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠮᠥᠷᠲᠡᠭᠡᠨ ᠪᠠᠰᠠ ᠭᠤᠣᠯᠳᠠᠯᠭ᠎ᠠ ᠶᠢ ᠡᠵᠡᠮᠳᠡᠵᠦ᠂ ᠭᠤᠣᠯᠳᠠᠯᠭ᠎ᠠ ᠲᠠᠢ | ᠰᠢᠪᠲᠤᠯᠤᠯᠲᠠ ᠶᠢ ᠪᠡᠶᠡᠯᠡᠭᠦᠯᠵᠦ ᠪᠠᠶᠢᠭᠠᠳ ᠪᠦᠬᠦᠯᠢ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠳᠠᠶᠢᠴᠢᠯᠠᠬᠤ ᠬᠡᠷᠡᠭᠲᠡᠢ᠃ ᠭᠤᠷᠪᠠ ᠳᠤ᠂ ᠰᠥᠰᠥ ᠵᠣᠷᠢᠭ ᠪᠠ ᠠᠯᠬᠤᠮ ᠢᠶᠠᠨ ᠲᠣᠭᠲᠠᠭᠤᠨ ᠪᠠᠶᠢᠯᠭᠠᠬᠤ ᠶᠢᠨ | ᠬᠠᠷᠢᠴᠠᠭ᠎ᠠ ᠶᠢ ᠰᠠᠶᠢᠲᠤᠷ ᠰᠢᠢᠳᠪᠥᠷᠢᠯᠡᠵᠦ᠂ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠬᠢᠵᠦ | ᠵᠣᠷᠢᠭᠲᠠᠢ ᠪᠠᠷ ᠲᠤᠷᠰᠢᠬᠤ ᠮᠥᠷᠲᠡᠭᠡᠨ ᠪᠠᠰᠠ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠴᠢᠬᠤᠯᠠᠴᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ | ᠡᠯ᠎ᠡ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠠᠵᠤ ᠠᠬᠤᠶ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ | ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠵᠡᠷᠭᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ | ᠵᠣᠬᠢᠴᠠᠭᠰᠠᠨ ᠠᠵᠤ ᠠᠬᠤᠶ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠶ᠃ ︽ᠲᠠᠪᠤᠨ ᠶᠡᠭᠡ ᠡᠭᠦᠷᠭᠡ︾ | ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠤᠨ | ᠱᠠᠭᠠᠷᠳᠠᠯᠭ᠎ᠠ ᠶᠢ ᠭᠥᠨᠵᠡᠭᠡᠶᠢᠷᠡᠭᠦᠯᠥᠨ ᠨᠠᠶᠢᠳᠠᠪᠤᠷᠢᠵᠢᠭᠤᠯᠵᠤ ᠪᠥᠬᠦ ᠲᠠᠯ᠎ᠠ ᠪᠠᠷ ᠲᠤᠭᠤᠰᠢᠯᠠᠭᠤᠯᠤᠨ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠬᠡᠤᠬᠡᠳ ᠰᠠᠭᠠᠲᠠᠭᠤᠯᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ | ᠠᠮᠢᠳᠤᠷᠠᠯ ᠤᠨ ᠦᠢᠯᠡᠰ ᠤᠨ ᠥᠭᠡᠷᠡᠴᠢᠯᠡᠯᠲᠡ ᠶᠢᠨ ᠭᠤᠤᠯᠳᠠᠯᠭ᠎ᠠ ᠶᠢ ᠪᠣᠳᠠᠲᠠᠶ ᠠᠳᠬᠤᠵᠤ᠂ ᠠᠷᠠᠳ ᠤᠨ | ᠠᠮᠢᠳᠤᠷᠠᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠳᠡᠮᠵᠢᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠣᠭᠲᠠᠴᠠ ᠶᠢ ᠢᠳᠡᠪᠬᠢᠲᠡᠢ ᠪᠠᠶᠢᠭᠤᠯᠵᠤ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠺᠠᠳ᠋ᠷᠴᠤᠳ ᠤᠨ ᠡᠭᠦᠳᠦᠨ ᠪᠦᠲᠦᠭᠡᠬᠦ ᠶᠢ | ᠵᠣᠷᠢᠭᠵᠢᠭᠤᠯᠬᠤ ᠵᠡᠷᠭᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠭᠡᠭᠡᠯᠲᠡᠲᠦ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠬᠤ | ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ | ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠬᠠᠮᠵᠢᠯᠴᠠᠨ ᠨᠠᠶᠢᠳᠠᠪᠤᠷᠢᠵᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠬᠢᠨᠠᠨ ᠰᠢᠯᠭᠠᠬᠤ ᠠᠵᠢᠯ ᠤᠨ ᠰᠢᠰᠲ᠋ᠧᠮ ᠢ | ᠪᠦᠷᠢᠨᠰᠢᠬᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠶᠤᠸᠠᠨ ᠪᠦᠦ ᠱᠠᠨ ᠲᠣᠭᠤᠷᠢᠭ ᠲᠤ | ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ ᠡᠨᠡ ᠵᠢᠯ ᠤᠨ ᠰᠡᠭᠦᠯᠴᠢ ᠶᠢᠨ ᠬᠡᠳᠦᠨ ᠰᠠᠷ᠎ᠠ ᠶᠢᠨ ᠠᠵᠢᠯ ᠢ ᠰᠠᠶᠢᠲᠤᠷ ᠬᠢᠬᠦ ᠲᠤᠬᠠᠢ | ᠱᠠᠭᠠᠷᠳᠠᠯᠭ᠎ᠠ ᠳᠤᠷᠠᠳᠴᠤ᠂ ᠪᠠᠲᠤ ᠴᠣᠭᠴᠠᠯᠠᠬᠤ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠵᠡᠷᠭᠡ ᠣᠨ ᠤ ᠡᠭᠦᠷᠭᠡ ᠶᠢ | ᠠᠬᠢᠭᠤᠯᠵᠤ᠂ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ ᠡᠯ᠎ᠡ ᠲᠠᠯ᠎ᠠ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠢᠮᠠᠭᠲᠠ ᠰᠠᠶᠢᠲᠤᠷ ᠠᠳᠬᠤᠬᠤ ᠬᠡᠷᠡᠭᠲᠡᠢ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠦᠷᠭᠦᠯᠵᠢᠯᠡᠨ ᠴᠢᠩᠭᠠᠳᠬᠠᠵᠤ᠂ | ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠨᠠᠷᠢᠯᠢᠬᠵᠢᠭᠤᠯᠤᠭᠰᠠᠨ ᠦᠢᠯᠡᠴᠢᠯᠡᠭᠡ ᠶᠢ | ᠰᠠᠶᠢᠲᠤᠷ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭᠯᠡᠭᠡ ᠶᠢ ᠤᠷᠮᠠᠰᠢᠭᠤᠯᠤᠨ᠂ ᠠᠵᠤ | ᠠᠬᠤᠶ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠳᠡᠮᠵᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ᠂ ᠠᠵᠤ ᠠᠬᠤᠶᠢᠯᠠᠯ ᠳᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ | ᠨᠡᠩ ᠡᠷᠴᠢᠮ ᠲᠠᠢ ᠠᠵᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠨ᠎ᠡ ᠶᠢ ᠡᠭᠦᠳᠦᠨ ᠰᠦᠪᠡᠭᠴᠢᠯᠡᠵᠦ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ︽ᠠᠵᠤ ᠦᠢᠯᠡᠳᠪᠦᠷᠢ ᠶᠢ | ᠬᠦᠴᠦᠷᠬᠡᠭᠵᠢᠭᠦᠯᠦᠨ᠂ ᠲᠠᠷᠢᠶᠠᠯᠠᠩ ᠢ ᠨᠠᠷᠢᠯᠢᠭᠵᠢᠭᠤᠯᠵᠤ᠂ ᠦᠢᠯᠡᠴᠢᠯᠡᠭᠡᠨ ᠤ ᠦᠢᠯᠡᠰ ᠢ ᠠᠮᠢᠳᠤᠯᠢᠭᠵᠢᠭᠤᠯᠬᠤ︾ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠣᠷᠣᠭᠤᠯᠤᠨ | ᠠᠪᠴᠢᠷᠠᠬᠤ ᠪᠠᠷ ᠭᠠᠷᠳᠠᠴᠠ ᠪᠣᠯᠭᠠᠵᠤ᠂ ︽ᠬᠤᠶᠠᠷ ᠶᠡᠭᠡ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠰᠦ ᠶᠢᠨ ᠦᠢᠯᠡᠰ᠂ ᠦᠷ᠎ᠡ ᠴᠢᠬᠢ᠂ ᠲᠥᠬᠦᠭᠡᠷᠦᠮᠵᠢ ᠵᠢᠮᠢᠰ ᠨᠣᠭᠤᠭ᠎ᠠ ᠵᠡᠷᠭᠡ | ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠦᠢᠯᠡᠳᠪᠦᠷᠢᠯᠡᠯ ᠢᠶᠠᠨ ᠥᠷᠭᠡᠳᠬᠡᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠡᠯᠧᠺᠳ᠋ᠷᠤᠨ | ᠬᠤᠳᠠᠯᠳᠤᠭ᠎ᠠ ᠪᠠ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠬᠥᠭᠵᠢᠭᠡᠵᠦ᠂ ᠠᠵᠦ ᠥᠢᠯᠡᠳᠪᠥᠷᠢ᠂ ᠲᠠᠷᠢᠶᠠᠯᠠᠩ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠭᠦᠨᠵᠡᠭᠡᠶ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ | ᠪᠠᠬᠢᠵᠢᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠤᠯᠠᠨ ᠢ ᠨᠡᠩ | ᠭᠦᠢᠴᠡᠳ ᠨᠡᠩ ᠪᠣᠳᠠᠲᠠᠢ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ | ᠲᠦᠷᠦᠭᠳᠡᠯ ᠲᠠᠢ ᠪᠣᠯᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠦᠵᠡᠯ ᠤᠬᠠᠮᠰᠠᠷ ᠤᠨ ᠬᠡᠯᠪᠡᠷᠢ᠂ | ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠤᠰᠤᠲᠤᠯ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠪᠠᠲᠤ | ᠰᠠᠬᠢᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠲᠦᠷᠪᠡᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠭᠥᠨᠵᠡᠭᠡᠶᠢᠷᠡᠭᠦᠯᠥᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ᠂ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠳᠬᠤᠬᠤ ᠬᠠᠷᠠᠯᠲᠠ ᠨᠢᠭᠡᠨᠲᠡ | ᠲᠣᠳᠣᠷᠬᠠᠶ ᠪᠣᠯᠵᠠᠶ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠠᠪᠤᠳᠠᠯ ᠪᠣᠯᠤᠨ᠎ᠠ᠃ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠲᠠᠢ ᠬᠠᠷᠢᠴᠠᠭᠤᠯᠵᠤ᠂ | ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ | ᠰᠡᠳᠬᠢᠴᠡ ᠠᠷᠭ᠎ᠠ ᠶᠢ ᠭᠦᠨᠵᠡᠭᠡᠢ ᠡᠵᠡᠮᠳᠡᠵᠦ᠂ ᠪᠤᠰᠤᠳ ᠭᠠᠵᠠᠷ ᠣᠷᠣᠨ ᠤ ᠰᠢᠨ᠎ᠡ ᠶᠢ ᠡᠭᠦᠳᠬᠦ ᠶᠢ ᠬᠠᠶᠢᠨ | ᠰᠦᠪᠡᠭᠴᠢᠯᠡᠭᠰᠡᠨ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢᠯᠠᠵᠤ᠂ ᠦᠵᠡᠯ ᠰᠠᠨᠠᠭ᠎ᠠ ᠪᠠᠨ | ᠴᠢᠯᠥᠭᠡᠯᠡᠨ᠂ ᠵᠣᠷᠢᠭᠲᠠᠢ ᠬᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠩᠭ᠎ᠠ ᠠᠩᠬᠠᠷᠴᠤ ᠡᠴᠦᠰ ᠲᠤᠨᠢ ᠲᠤᠯᠲᠠᠯ᠎ᠠ ᠠᠳᠬᠤᠬᠤ | ᠬᠠᠷᠢᠭᠤᠴᠠᠯᠭᠠᠲᠤ ᠰᠡᠳᠬᠢᠯᠭᠡ᠂ ᠪᠤᠰᠢᠭᠤ ᠱᠠᠯᠠᠮᠠᠭᠠᠢ ᠳᠠᠷᠦ᠋ᠢᠬᠠᠨ ᠰᠢᠢᠳᠪᠦᠷᠢᠯᠡᠬᠦ ᠲᠤᠯᠭᠠᠮ᠎ᠠ ᠰᠡᠳᠬᠢᠯᠭᠡ ᠪᠠᠨ | ᠴᠢᠩᠭᠠᠳᠬᠠᠵᠤ᠂ ᠳᠡᠭᠡᠳᠦ ᠱᠠᠲᠤᠨ ᠠᠴᠠ ᠲᠤᠰᠢᠶᠠᠭᠰᠠᠨ ᠡᠭᠦᠷᠭᠡ ᠴᠦ ᠭᠡᠰᠡᠨ᠂ ᠡᠰᠡᠬᠦᠯ᠎ᠡ ᠪᠡᠶ᠎ᠡ ᠪᠠᠨ ᠳᠠᠭᠠᠭᠠᠵᠤ | ᠲᠥᠯᠥᠪᠵᠢᠭᠦᠯᠦᠨ ᠠᠬᠢᠭᠤᠯᠤᠭᠰᠠᠨ ᠠᠵᠢᠯ ᠴᠦ ᠭᠡᠰᠡᠨ᠂ ᠴᠠᠭ ᠲᠤᠬᠠᠢ ᠳᠤᠨᠢ ᠳᠠᠩᠰᠠ ᠮᠡᠳᠡᠭᠦᠯᠵᠦ᠂ ᠦᠷ᠎ᠡ | ᠳ᠋ᠦᠩ ᠢᠶᠠᠷ ᠦᠭᠡ ᠶᠠᠷᠢᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠠᠵᠢᠯ ᠤᠨ | ᠤᠷᠢᠳᠴᠢᠯᠠᠨ ᠮᠡᠳᠡᠬᠦ ᠴᠢᠨᠠᠷ ᠢᠶᠠᠨ ᠴᠢᠩᠭᠠᠳᠬᠠᠵᠤ᠂ ᠠᠵᠢᠯ ᠤᠨ ᠨᠠᠷᠢᠯᠢᠭ ᠤᠨ ᠬᠡᠮᠵᠢᠶ᠎ᠡ ᠪᠠᠨ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠲᠤᠰ ᠪᠡᠶ᠎ᠡ ᠶᠢᠨ ᠬᠡᠷᠡᠭᠴᠡᠭᠡ ᠠᠴᠠ ᠡᠭᠦᠰᠴᠦ᠂ | ᠨᠡᠩ ᠬᠠᠶᠢᠷ᠎ᠠ ᠰᠡᠳᠬᠢᠯᠭᠡ ᠲᠠᠢ᠂ ᠨᠡᠩ ᠨᠠᠷᠢᠯᠢᠭ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠨᠡᠩ ᠨᠡᠮᠡᠭᠳᠡᠭᠦᠯᠬᠦ ᠬᠡᠷᠡᠭᠲᠡᠢ᠃ ᠪᠦᠯᠬᠦᠮᠳᠡᠨ ᠬᠠᠮᠵᠢᠯᠴᠠᠬᠤ᠂ ᠪᠦᠬᠦ | ᠠᠵᠢᠯᠲᠠᠨ ᠬᠠᠷᠢᠭᠤᠴᠠᠯᠭ᠎ᠠ ᠡᠭᠦᠷᠭᠡᠯᠡᠬᠦ᠂ ᠲᠥᠪ ᠰᠤᠷᠲᠠᠯ ᠢ ᠪᠠᠳᠠᠷᠠᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ | ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠠᠵᠢᠯ | ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠪᠣᠳᠠᠲᠤ | ᠦᠷ᠎ᠡ ᠪᠦᠲᠦᠮᠵᠢ ᠶᠢ ᠡᠷᠬᠢᠮᠯᠡᠵᠦ᠂ ᠪᠦᠯᠬᠦᠮᠳᠡᠨ ᠲᠡᠮᠡᠴᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠥ | ᠱᠠᠨ ᠤ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠠᠷ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ︕ | |