ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/29
    8 ᠰᠠᠷ᠎ᠠ ᠶᠢᠨ 28᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 9 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠯᠢ ᠽᠦᠩ ᠮᠧᠩ᠂ ᠶᠢᠨ ᠮᠢᠩ᠂ ᠶᠢᠨ ᠲᠧᠩ ᠵᠢᠶᠤᠤ᠂ ᠶᠠᠩ ᠰᠢᠨ ᠢᠦᠢ ᠬᠤᠷᠠᠯ ᠳᠤ ᠣᠷᠣᠯᠴᠠᠵᠤ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ᠂ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀᠎ ᠤᠨ ᠲᠤᠬᠠᠶ ᠲᠣᠳᠣᠷᠬᠠᠶᠢᠯᠠᠯᠲᠠ︾᠎ ᠶᠢᠨ ᠵᠣᠷᠢᠭ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ ᠤᠳ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ᠂ ᠰᠦᠷᠳᠡᠭᠦᠯᠦᠯ ᠢ ᠡᠰᠡᠷᠭᠦᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠢᠵᠢ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠨᠦᠭᠦᠳ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠵᠤ ᠠᠬᠤᠢ ᠶᠢᠨ ᠠᠵᠢᠯᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠥᠨ ᠂ ᠪᠣᠭᠤᠮᠲᠠ ᠰᠢᠪᠲᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠮᠠᠲ᠋ᠧᠷᠢᠶᠠᠯ ᠢ ᠴᠣᠮᠬᠠᠳᠬᠠᠨ ᠬᠤᠷᠠᠯ ᠢ ᠪᠠᠭᠠᠰᠬᠠᠬᠤ᠂ ᠬᠢᠨᠠᠨ ᠰᠢᠯᠭᠠᠵᠤ ᠪᠠᠶᠢᠴᠠᠭᠠᠬᠤ ᠶᠢ ᠵᠢᠷᠤᠮᠵᠢᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠦᠨ ᠥᠷᠭᠡᠳᠬᠡᠬᠦ ᠶᠢ ᠦᠨᠡᠨ ᠬᠦ ᠠᠬᠢᠭᠤᠯᠵᠤ᠂ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠡᠮᠡᠴᠡᠯ ᠪᠣᠯᠤᠨ ᠰᠦᠷᠳᠡᠭᠦᠯᠦᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠭᠠᠵᠠᠷ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠭᠦᠨᠵᠡᠭᠡᠶ ᠤᠶᠢᠯᠠᠭᠠᠨ ᠪᠠᠶᠢᠴᠠᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1