ᠶᠤᠸᠠᠨ ᠪᠣᠣ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/8/29
   
a1_副本.jpg
       8 ᠰᠠᠷ᠎ᠠ ᠶᠢᠨ 27᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠬᠥᠳᠡᠯᠭᠡᠭᠡᠨ ᠥᠷᠨᠢᠭᠦᠯᠵᠦ᠂ ᠠᠵᠢᠯᠲᠠᠳ ᠤᠨ ᠭᠠᠮᠰᠢᠭ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠪᠡ᠃ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠭᠦᠢᠴᠡᠳᠬᠡᠬᠦ ᠵᠥᠪᠯᠡᠯ᠂ ᠡᠮᠡᠭᠲᠡᠢ ᠤᠯᠠᠨ ᠲᠦᠮᠡᠨ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠯ ᠤᠨ ᠬᠤᠷᠠᠯ ᠳᠡᠭᠡᠷ᠎ᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠪ ᠤᠨ ᠪᠠᠭᠰᠢ ᠵᠢᠷᠤᠭ ᠪᠢᠴᠢᠭ ᠤᠨ ᠲᠠᠶᠢᠯᠤᠮᠵᠢ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠵᠠᠷ ᠬᠥᠳᠡᠯᠦᠯᠲᠡ ᠠᠴᠠ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠣᠯᠠᠨ ᠳᠤ ᠲᠠᠨᠢᠯᠴᠠᠭᠤᠯᠪᠠ᠂ ᠡᠭᠦᠨ ᠳᠤ ᠭᠠᠵᠠᠷ ᠬᠥᠳᠡᠯᠦᠯᠲᠡ ᠶᠢᠨ ᠪᠦᠲᠦᠭᠰᠡᠨ ᠰᠢᠯᠲᠠᠭᠠᠨ᠂ ᠠᠳᠠᠯᠢ ᠪᠤᠰᠤ ᠭᠠᠵᠠᠷ ᠬᠥᠳᠡᠯᠦᠯᠲᠡ ᠶᠢᠨ ᠲᠥᠷᠥᠯ ᠬᠡᠯᠪᠡᠷᠢ᠂ ᠭᠠᠵᠠᠷ ᠬᠥᠳᠡᠯᠦᠯᠲᠡ ᠶᠢᠨ ᠪᠠᠶᠢᠨ ᠳᠠᠬᠢᠨ ᠡᠭᠦᠰᠬᠦ ᠣᠷᠣᠨ ᠪᠦᠰᠡ᠂ ᠭᠠᠵᠠᠷ ᠬᠥᠳᠡᠯᠦᠯᠲᠡ ᠳᠤ ᠤᠴᠠᠷᠠᠬᠤ ᠦᠶ᠎ᠡ ᠳᠤ ᠬᠡᠷᠬᠢᠨ ᠥᠪᠡᠷ ᠢ ᠪᠠᠨ ᠠᠪᠤᠷᠠᠬᠤ ᠵᠢᠴᠢ ᠭᠠᠵᠠᠷ ᠬᠥᠳᠡᠯᠦᠯᠲᠡ ᠠᠴᠠ ᠪᠣᠯᠤᠭᠰᠠᠨ ᠬᠤᠤᠷ ᠬᠥᠨᠥᠭᠡᠯ ᠢ ᠬᠡᠷᠬᠢᠨ ᠪᠠᠭᠠᠰᠬᠠᠬᠤ ᠵᠡᠷᠭᠡ ᠪᠠᠭᠲᠠᠨ᠎ᠠ ᠃ ᠡᠭᠦᠨ ᠠᠴᠠ ᠭᠠᠳᠠᠨ᠎ᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠪ ᠤᠨ ᠪᠠᠭᠰᠢ ᠪᠠᠰᠠ ᠮᠠᠨ ᠤ ᠲᠣᠭᠤᠷᠢᠭ ᠤᠨ ᠣᠶᠢᠷ᠎ᠠ ᠶᠢᠨ ᠡᠳᠦᠷ ᠤᠨ ᠬᠤᠷ᠎ᠠ ᠲᠤᠨᠳᠠᠰᠤᠨ ᠤ ᠬᠡᠮᠵᠢᠶ᠎ᠡ᠂ ᠤᠰᠤᠨ ᠲᠦᠪᠰᠢᠨ ᠤ ᠱᠤᠭᠤᠮ ᠵᠡᠷᠭᠡ ᠲᠤᠭ᠎ᠠ ᠪᠠᠷᠢᠮᠲᠠ ᠶᠢ ᠵᠠᠳᠠᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠪᠣᠯ ᠮᠠᠨ ᠤ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠬᠤ ᠶᠢ ᠲᠣᠳᠣᠷᠬᠠᠶᠢᠯᠠᠵᠤ᠂ ᠦᠶᠡᠷ ᠢ ᠰᠡᠷᠭᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠡᠷᠬᠢᠨ ᠰᠢᠨᠵᠢᠯᠡᠬᠦ ᠤᠬᠠᠭᠠᠨᠴᠢ ᠪᠠᠷ ᠦᠶᠡᠷ ᠢ ᠰᠡᠷᠭᠡᠶᠢᠯᠡᠬᠦ ᠶᠢ ᠰᠤᠷᠤᠯᠴᠠᠬᠤ ᠬᠡᠷᠡᠭᠲᠡᠶ ᠭᠡᠵᠡᠢ᠃    ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠬᠠᠮᠠᠭᠠᠯᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1