ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/29
    8 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠯᠢ ᠽᠦᠩ ᠮᠧᠩ ᠂ ᠶᠢᠨ ᠮᠢᠩ᠂ ᠶᠢᠨ ᠲᠧᠩ ᠵᠢᠶᠤᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠡᠰᠡᠭ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ᠭᠤᠷᠪᠠ ᠶᠢ ᠪᠠᠲᠤᠯᠠᠬᠤ︾᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ᠂ ᠶᠤᠸᠠᠨ ᠪᠦᠦ ᠱᠠᠨ ᠲᠣᠭᠤᠷᠢᠭ ᠤᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠶᠤᠸᠠᠨ ᠪᠦᠦ ᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠱᠠᠩᠨᠠᠯ ᠤᠨ ᠠᠷᠭ᠎ᠠ ᠬᠡᠮᠵᠢᠶ᠎ᠡ︾ ᠶᠢ ᠬᠢᠨᠠᠨ ᠵᠥᠪᠯᠡᠵᠦ᠂ ᠶᠤᠸᠠᠨ ᠪᠦᠦ ᠱᠠᠨ ᠲᠣᠭᠤᠷᠢᠭ ᠤᠨ ᠨᠡᠭᠦᠷᠡᠰᠦᠨ ᠤ ᠡᠵᠡᠩᠨᠡᠯᠲᠡ ᠶᠢᠨ ᠲᠠᠯᠠᠪᠤᠷ ᠢ ᠵᠢᠷᠤᠮᠵᠢᠭᠤᠯᠤᠨ ᠴᠡᠭᠴᠡᠯᠡᠬᠦ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠲᠣᠳᠤᠯᠠᠨ ᠪᠠᠶᠢᠴᠠᠭᠠᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠪᠦᠬᠦ ᠬᠦᠴᠦᠨ ᠢᠶᠠᠷ ᠢᠶᠠᠨ ᠠᠭᠤᠳᠠᠯᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠬᠢᠭᠡᠳ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠡᠭᠦᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠵᠡᠷᠭᠡ ᠡᠯ᠎ᠡ ᠭᠤᠭᠴᠤᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠤᠳᠤ ᠶᠢᠨ ᠪᠠᠶᠢᠭ᠎ᠠ ᠰᠠᠯᠬᠢ ᠭᠡᠷᠡᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ︽ᠲᠡᠰ ᠳᠡᠪᠰᠢᠬᠦ ᠳᠡᠭᠡᠳᠦ ᠬᠢᠵᠠᠭᠠᠷ︾ ᠢ ᠲᠥᠯᠬᠢᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠭᠤᠣᠯ ᠴᠣᠭᠴᠠ ᠶᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠨᠡᠨ ᠬᠦ ᠬᠥᠭᠵᠢᠭᠡᠬᠦ ᠬᠡᠷᠡᠭᠲᠡᠢ᠃ ᠲᠣᠭᠤᠷᠢᠭ ᠤᠨ ᠳᠣᠲᠣᠷᠠᠬᠢ ᠨᠡᠭᠦᠷᠡᠰᠦᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠣᠳᠣᠬᠢ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠨᠡᠭᠦᠷᠡᠰᠦᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠵᠢᠷᠤᠮᠵᠢᠭᠤᠯᠤᠨ ᠴᠡᠭᠴᠡᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠬᠤ ᠬᠡᠷᠡᠭᠲᠡᠶ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ︽ᠰᠠᠭᠤᠷᠢ︾ ᠶᠢ ᠰᠢᠰᠲ᠋ᠧᠮ ᠲᠠᠢ ᠪᠠᠷ ᠲᠣᠳᠣᠷᠬᠠᠶ ᠣᠶᠢᠯᠠᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠢ ᠪᠠᠶᠠᠯᠢᠭ ᠢ ᠭᠥᠢᠯᠭᠡᠭᠡᠨ ᠲᠠᠢ ᠪᠣᠯᠭᠠᠨ ᠠᠰᠢᠭᠯᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1