ᠪᠣᠯᠪᠠᠰᠤᠷᠠᠯ ᠵᠢᠯᠥᠭᠤᠳᠤᠯᠭ᠎ᠠ ᠶᠢ ᠴᠢᠩᠭᠠᠳᠬᠠᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ︽ᠬᠤᠶᠠᠷ ᠬᠥᠲᠥᠯᠪᠦᠷᠢ︾᠎ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/8/30
   
a1_副本.jpg
       8 ᠰᠠᠷ᠎ᠠ ᠶᠢᠨ 29᠎ ᠤ ᠡᠳᠦᠷ᠂ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ︽ᠬᠤᠶᠠᠷ ᠬᠥᠲᠥᠯᠪᠦᠷᠢ︾᠎ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ︽ᠬᠤᠶᠠᠷ ᠬᠥᠲᠥᠯᠪᠦᠷᠢ︾ ︽ᠬᠤᠶᠠᠷ ᠲᠥᠯᠥᠪᠵᠢᠭᠦᠯᠭᠡ︾᠎ ᠶᠢᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠤᠶᠠᠷ ᠬᠥᠲᠥᠯᠪᠦᠷᠢ︾ ︽ᠬᠤᠶᠠᠷ ᠲᠥᠯᠥᠪᠵᠢᠭᠦᠯᠭᠡ︾᠎ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠲᠤᠭᠤᠷᠢᠭ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠨᠠᠩ ᠰᠠᠶᠢᠨ ᠨᠠᠩ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ︽ᠬᠤᠶᠠᠷ ᠬᠥᠲᠥᠯᠪᠦᠷᠢ︾᠎ ᠶᠢᠨ ᠡᠭᠦᠷᠭᠡ ᠶᠢ ᠨᠠᠢᠳᠠᠪᠤᠷᠢᠵᠢᠭᠤᠯᠬᠤ ᠪᠠᠶᠢᠭᠤᠯᠭ᠎ᠠ ᠶᠢᠨ ᠬᠤᠯᠪᠤᠭ᠎ᠠ ᠠᠪᠬᠤ ᠭᠡᠰᠢᠭᠦᠨ 34 ᠬᠥᠮᠦᠨ ᠪᠣᠯᠪᠠᠰᠤᠷᠠᠯ ᠳᠤ ᠣᠷᠣᠯᠴᠠᠪᠠ᠃    ᠲᠣᠰ ᠤᠳᠠᠭᠠᠨ ᠤ ᠪᠣᠯᠪᠠᠰᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠯᠧᠺᠲ᠋ᠣᠷ ᠪᠠ ᠤᠯᠠᠭᠠᠨᠬᠠᠳᠠ ᠶᠢᠨ ᠬᠤᠩ ᠱᠠᠨ ᡁᠢ ᠾᠦᠢ ᠬᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢ ᠤᠷᠢᠵᠤ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠤᠨ ᠠᠵᠢᠯ ᠪᠠ ᠡᠮᠡᠭᠲᠡᠶᠢᠴᠦᠳ ᠤᠨ ᠬᠤᠯᠪᠤᠭᠠᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ᠂ ᠤᠷᠤᠭ ᠤᠨ ᠶᠠᠪᠤᠳᠠᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠥᠷᠢᠯᠡᠵᠦ ᠤᠷᠤᠭ ᠭᠡᠷ ᠪᠦᠯᠢ ᠶᠢᠨ ᠵᠦᠷᠢᠴᠡᠯ ᠢ ᠲᠤᠬᠢᠷᠠᠭᠤᠯᠬᠤ ᠵᠡᠷᠭᠡ ᠲᠠᠯ᠎ᠠ ᠪᠠᠷ ᠲᠤᠰᠬᠠᠶ ᠰᠡᠳᠦᠪ ᠢᠶᠠᠷ ᠬᠢᠴᠢᠶᠡᠯ ᠣᠷᠣᠭᠤᠯᠪᠠ᠃ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ︽ᠬᠤᠶᠠᠷ ᠬᠥᠲᠥᠯᠪᠦᠷᠢ︾᠎ ᠶᠢᠨ ᠲᠤᠬᠠᠶᠢᠯᠠᠭᠰᠠᠨ ᠠᠵᠢᠯ ᠤᠨ ᠠᠵᠢᠯᠲᠠᠳ ᠰᠢᠨ᠎ᠡ ᠦᠶᠡᠯᠡᠯ ᠤᠨ ᠬᠤᠭᠤᠴᠠᠭᠠᠨ ︵2021 - 2030 ᠣᠨ︶᠎ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠠᠶᠢᠭᠤᠯᠤᠭᠰᠠᠨ ᠠᠬᠤᠢ ᠪᠠᠶᠢᠳᠠᠯ᠂ ᠰᠢᠨ᠎ᠡ ᠬᠠᠭᠤᠴᠢᠨ ᠦᠶᠡᠯᠡᠯ ᠤᠨ ᠬᠤᠭᠤᠴᠠᠭᠠᠨ ᠤ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮ ᠤᠨ ᠲᠣᠬᠢᠷᠠᠭᠤᠯᠤᠯᠲᠠ ᠬᠤᠪᠢᠷᠠᠯᠲᠠ᠂ ᠡᠮᠡᠭᠲᠡᠶᠢᠴᠦᠳ ᠤᠨ ᠬᠥᠲᠥᠯᠪᠦᠷᠢ ᠶᠢᠨ ᠭᠦᠢᠴᠡᠳᠬᠡᠯ ᠲᠣᠭᠠᠨ ᠤ ᠰᠢᠰᠲ᠋ᠧᠮ ᠤᠨ ᠲᠠᠶᠢᠯᠤᠮᠵᠢ᠂ ᠬᠡᠦᠬᠡᠳ ᠤᠨ ᠬᠥᠲᠥᠯᠪᠦᠷᠢ ᠶᠢᠨ ᠭᠦᠢᠴᠡᠳᠬᠡᠯ ᠲᠣᠭᠠᠨ ᠤ ᠰᠢᠰᠲ᠋ᠧᠮ ᠤᠨ ᠲᠠᠶᠢᠯᠤᠮᠵᠢ ᠠᠴᠠ᠂ ︽ᠬᠤᠶᠠᠷ ᠬᠥᠲᠥᠯᠪᠦᠷᠢ︾᠂ ︽ᠬᠤᠶᠠᠷ ᠲᠥᠯᠥᠪᠵᠢᠭᠦᠯᠭᠡ︾᠎ ᠶᠢᠨ ᠲᠠᠷᠠᠭᠠᠴᠢ ᠶᠢᠨ ᠠᠯᠬᠤᠮ ᠤᠨ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠳᠤ ᠨᠠᠷᠢᠨ ᠣᠨᠣᠪᠴᠢᠲᠠᠶ ᠵᠢᠯᠣᠭᠤᠳᠣᠯᠭ᠎ᠠ ᠬᠢᠪᠠ᠃    ᠡᠭᠦᠨ ᠤ ᠬᠠᠮᠲᠤ᠂ ᠪᠣᠯᠪᠠᠰᠤᠷᠠᠯ ᠤᠨ ᠲᠤᠬᠠᠶ ᠶᠢᠨ ᠲᠠᠯᠠᠪᠠᠶ ᠳᠤ ︽ᠬᠤᠶᠠᠷ ᠬᠥᠲᠥᠯᠪᠦᠷᠢ︾᠎ ᠶᠢᠨ ᠲᠤᠬᠠᠶᠢᠯᠠᠭᠰᠠᠨ ᠠᠵᠢᠯ ᠤᠨ ᠶᠡᠭᠡ ᠮᠥᠷᠦ᠋ᠢᠴᠡᠭᠡᠨ ᠢ ᠵᠣᠬᠢᠶᠠᠨ ᠪᠠᠶᠢᠭᠤᠯᠵᠤ᠂ ᠡᠯ᠎ᠡ ᠨᠢᠭᠡᠴᠢ ᠶᠢᠨ ︽ᠬᠤᠶᠠᠷ ᠬᠥᠲᠥᠯᠪᠦᠷᠢ︾ ︽ᠬᠤᠶᠠᠷ ᠲᠥᠯᠥᠪᠵᠢᠭᠦᠯᠭᠡ︾᠎ ᠶᠢ ᠬᠡᠷᠡᠭᠵᠢᠭᠦᠯᠬᠦ ᠠᠵᠢᠯ ᠤᠨ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠶᠠᠷ ᠬᠥᠲᠥᠯᠪᠦᠷᠢ︾ ︽ᠬᠤᠶᠠᠷ ᠲᠥᠯᠥᠪᠵᠢᠭᠦᠯᠭᠡ︾᠎ ᠶᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠰᠤᠷᠤᠯᠴᠠᠭᠴᠢᠳ ᠂ ᠲᠤᠰ ᠤᠳᠠᠭᠠᠨ ᠤ ᠪᠣᠯᠪᠠᠰᠤᠷᠠᠯ ᠨᠢ ᠪᠣᠳᠠᠲᠠᠢ ᠲᠠᠢ ᠨᠢᠭᠲᠠ ᠤᠶᠠᠯᠳᠤᠵᠤ᠂ ᠠᠵᠢᠯ ᠢ ᠨᠢᠭᠲᠠ ᠮᠥᠷᠳᠡᠨ ᠳᠠᠭᠠᠵᠠᠢ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠬᠥᠲᠥᠯᠥᠨ ᠵᠢᠯᠣᠭᠤᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠥᠪᠡᠷ ᠤᠨ ᠲᠤᠬᠠᠶᠢᠯᠠᠭᠰᠠᠨ ᠠᠵᠢᠯ ᠳᠠᠭᠠᠨ ᠬᠡᠷᠡᠭᠯᠡᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠣᠳᠠᠲᠠᠢ ᠠᠵᠢᠯᠯᠠᠬᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠭᠥᠢᠴᠡᠳᠬᠡᠯ ᠲᠣᠭᠠᠨ ᠤ ᠡᠭᠦᠷᠭᠡ ᠶᠢ ᠲᠤᠭᠤᠰᠢᠲᠠᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠡᠮᠡᠭᠲᠡᠶᠢᠴᠦᠳ ᠬᠡᠦᠬᠡᠳ ᠤᠨ ᠮᠡᠳᠡᠷᠡᠵᠦ ᠪᠣᠯᠬᠤ᠂ ᠦᠷ᠎ᠡ ᠪᠦᠲᠦᠮᠵᠢ ᠶᠢ ᠨᠢ ᠬᠡᠮᠵᠢᠵᠦ ᠪᠣᠯᠬᠤ ᠰᠠᠶᠢᠨ ᠶᠠᠪᠤᠳᠠᠯ ᠪᠣᠳᠠᠲᠠᠢ ᠶᠠᠪᠤᠳᠠᠯ ᠰᠡᠳᠬᠢᠯ ᠳᠤ ᠬᠠᠯᠠᠮᠵᠢᠲᠠᠢ ᠶᠠᠪᠤᠳᠠᠯ ᠢ ᠬᠠᠮᠲᠤᠪᠠᠷ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1