ᠣᠶᠢᠷ᠎ᠠ ᠳᠤ᠂ ︽ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠨ ᠨᠠᠮ ᠢᠶᠠᠨ ᠳᠠᠭᠠᠵᠤ ᠠᠴᠢ ᠬᠠᠷᠢᠭᠤᠯᠤᠨ | ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠶ᠎ᠠ︾ ᠭᠡᠬᠦ ᠶᠤᠸᠠᠨ ᠪᠦᠦ ᠱᠠᠨ ᠲᠣᠭᠤᠷᠢᠭ ᠤᠨ ᠠᠩᠬᠠᠳᠤᠭᠠᠷ | ᠬᠤᠭᠤᠴᠠᠭᠠᠨ ᠤ ᠠᠵᠢᠯᠲᠠᠨ ᠠᠵᠢᠯᠴᠢᠨ ᠤ ᠲᠣᠤᠷ ᠪᠥᠮᠪᠦᠭᠡ ᠶᠢᠨ ᠤᠷᠤᠯᠳᠤᠭᠠᠨ ᠨᠢ ᠫᠢᠩᠵᠤᠸᠠᠩ ᠴᠡᠴᠡᠷᠯᠢᠭ ᠤᠨ | ᠲᠣᠤᠷ ᠪᠥᠮᠪᠦᠭᠡ ᠶᠢᠨ ᠣᠷᠳᠣᠨ ᠳᠤ ᠤᠷᠤᠭᠰᠢᠲᠠᠶ ᠲᠡᠭᠦᠰᠪᠡ᠃ | | | | ᠤᠷᠤᠯᠳᠤᠭᠠᠨ ᠳᠤ ᠨᠡᠶᠢᠲᠡ ᠪᠥᠬᠦ ᠲᠤᠭᠤᠷᠢᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ | ᠢᠷᠡᠭᠰᠡᠨ 9 ᠲᠥᠯᠥᠭᠡᠯᠡᠭᠴᠢᠳ ᠤᠨ ᠠᠩᠭᠢ ᠶᠢᠨ 72 ᠬᠥᠮᠦᠨ ᠨᠡᠷ᠎ᠡ ᠮᠡᠳᠡᠭᠦᠯᠥᠨ ᠤᠷᠤᠯᠳᠤᠭᠠᠨ ᠳᠤ ᠣᠷᠤᠯᠴᠠᠵᠠᠢ | ᠃ ᠬᠤᠶᠠᠷ ᠡᠳᠦᠷ ᠤᠨ ᠬᠤᠭᠤᠴᠠᠭ᠎ᠠ ᠲᠠᠢ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠨᠠᠮ ᠵᠠᠰᠠᠭ ᠤᠨ | ᠪᠠᠶᠢᠭᠤᠯᠭ᠎ᠠ ᠶᠢᠨ ᠲᠥᠯᠥᠭᠡᠯᠡᠭᠴᠢᠳ ᠤᠨ ᠠᠩᠭᠢ ᠬᠠᠮᠲᠤ ᠶᠢᠨ ᠤᠷᠤᠯᠳᠤᠭᠠᠨ ᠳᠤ ᠮᠠᠩᠯᠠᠶᠢᠯᠠᠵᠤ᠂ ᠬᠢᠨᠠᠨ ᠪᠤᠳᠤᠬᠤ | ᠲᠣᠪᠴᠢᠶᠠᠨ ᠤ ᠲᠥᠯᠥᠭᠡᠯᠡᠭᠴᠢᠳ ᠤᠨ ᠠᠩᠭᠢ ᠳᠡᠳ᠋ᠯᠡᠵᠦ᠂ ᠶᠦᠨ ᠱᠠᠨ ᠵᠠᠮ ᠤᠨ ᠲᠣᠤᠷ ᠪᠥᠮᠪᠦᠭᠡ ᠶᠢᠨ ᠨᠢᠭᠡᠳᠦᠭᠡᠷ | ᠠᠩᠭᠢ ᠭᠤᠷᠪᠠᠳᠤᠭᠠᠷ ᠲᠤ ᠣᠷᠣᠪᠠ᠃ | ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠪᠥᠬᠦ ᠲᠣᠭᠤᠷᠢᠭ ᠤᠨ ᠥᠷᠭᠡᠨ ᠣᠯᠠᠨ | ᠲᠣᠤᠷ ᠪᠥᠮᠪᠥᠭᠡᠨ ᠤ ᠳᠤᠷ᠎ᠠ ᠪᠠᠭ᠋ᠠᠲᠠᠳ ᠲᠤ ᠪᠥᠮᠪᠦᠭᠡ ᠪᠠᠷ ᠳᠠᠮᠵᠢᠨ ᠨᠠᠶᠢᠵᠠ ᠪᠣᠯᠤᠯᠴᠠᠬᠤ ᠪᠠ ᠤᠷ᠎ᠠ | ᠮᠡᠷᠭᠡᠵᠢᠯ ᠢᠶᠠᠨ ᠰᠣᠯᠢᠯᠴᠠᠨ ᠵᠥᠪᠳᠡᠯᠴᠡᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠥᠷᠭᠡᠨ ᠣᠯᠠᠨ | ᠠᠵᠢᠯᠲᠠᠨ ᠠᠵᠢᠯᠴᠢᠨ ᠣᠯᠠᠨ ᠲᠦᠮᠡᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠶ᠃ | ᠵᠠᠯᠭᠠᠭᠠᠳ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠨᠢ ᠠᠵᠢᠯᠲᠠᠨ ᠠᠵᠢᠯᠴᠢᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ | ᠥᠷᠭᠡᠨ ᠢᠶᠠᠷ ᠤᠬᠠᠭᠤᠯᠤᠨ ᠭᠦᠨᠵᠡᠭᠡᠶ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ᠎ᠡ᠃ | |