ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12
    9 ᠰᠠᠷ᠎ᠠ ᠶᠢᠨ 11᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠼᠤᠤ ᡁᠢ ᠶᠦᠩ᠂ ᠵᠢᠶᠤᠤ ᠴᠢᠩ ᠳ᠋ᠦᠩ᠂ ᠯᠤᠸᠠᠨ ᠶᠦᠨ ᠡᡁᠧ᠂ ᠵᠠᠩ ᠴᠢᠶᠦ᠋ᠨ᠂ ᠯᠢ ᠽᠦᠩ ᠮᠧᠩ᠂ ᠯᠢᠦ ᠹᠧᠩ ᠬᠤᠸᠠ᠂ ᠦ᠋ ᠰᠢᠤ ᠮᠢᠩ᠂ ᠹᠠᠨ ᠰᠢᠶᠤᠤ ᠴᠢᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠣᠭᠤᠷᠢᠨ ᠳᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠳᠡᠪᠰᠢᠭᠦᠯᠵᠡᠢ᠃    ᠬᠤᠷᠠᠯ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠣᠨᠤᠯ ᠢ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ︽ᠶᠠᠭᠤᠨ ᠳᠤ ᠥᠭᠡᠷᠡᠴᠢᠯᠡᠬᠦ︾᠂ ︽ᠶᠠᠭᠤ ᠶᠢ ᠥᠭᠡᠷᠡᠴᠢᠯᠡᠬᠦ︾᠂ ︽ᠶᠠᠭᠠᠬᠢᠵᠤ ᠥᠭᠡᠷᠡᠴᠢᠯᠡᠬᠦ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠪᠤᠷᠤᠭᠤ ᠶᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠯ ᠢ ᠥᠭᠡᠷᠡᠴᠢᠯᠡᠬᠦ᠂ ᠰᠤᠷᠲᠠᠯ ᠢ ᠥᠭᠡᠷᠡᠴᠢᠯᠡᠬᠦ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠬᠦᠯᠢᠶᠡᠬᠦ ᠥᠬᠡᠶ ᠲᠦᠰᠢᠭᠯᠡᠬᠦ ᠥᠬᠡᠶ᠂ ᠴᠢᠩᠭ᠎ᠠ ᠠᠳᠬᠤᠨ ᠲᠦᠷᠭᠡᠨ ᠬᠢᠵᠦ᠂ ᠥᠭᠡᠷᠡᠴᠢᠯᠡᠯᠲᠡ ᠶᠢ ᠦᠨᠡᠨ ᠬᠦ ᠰᠠᠶᠢᠲᠤᠷ ᠠᠳᠬᠤᠵᠤ᠂ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠵᠣᠬᠢᠴᠠᠭᠤᠯᠤᠨ ᠬᠠᠮᠲᠤᠷᠠᠯᠴᠠᠬᠤ ᠶᠢ ᠠᠬᠢᠭᠤᠯᠵᠤ᠂ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ︽ᠪᠣᠳᠠᠲᠠᠢ︾ ᠪᠠᠶᠢᠬᠤ ᠤᠳᠤᠷᠢᠳᠤᠮᠵᠢ ᠶᠢ ᠳᠤᠪᠤᠶᠢᠯᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠨᠠᠷᠢᠯᠢᠭ ᠣᠨᠤᠪᠴᠢᠲᠠᠢ ᠬᠦᠴᠦᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠬᠤᠭᠤᠰᠤᠨ ᠤᠷᠢᠶ᠎ᠠ ᠬᠠᠰᠬᠢᠷᠬᠤ ᠦᠭᠡᠢ᠂ ᠦᠩᠭᠡᠨ ᠲᠠᠯ᠎ᠠ ᠶᠢᠨ ᠠᠵᠢᠯ ᠬᠢᠬᠦ ᠦᠭᠡᠢ ᠪᠠᠶᠢᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1