ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ | ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ | ᠯᠢ ᠴᠢᠶᠠᠩ ᠬᠤᠷᠠᠯ ᠢ ᠡᠷᠭᠢᠯᠡᠵᠦ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠵᠤ ᠳ᠋ᠢᠩ ᠰᠢᠤᠸᠠᠢ | ᠰᠢᠶᠠᠩ ᠶᠠᠷᠢᠶ᠎ᠠ ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 10 ᠤ ᠴᠠᠭᠢᠯᠭᠠᠨ ᠮᠡᠳᠡᠭᠡ ᠪᠦᠭᠦ ᠤᠯᠤᠰ ᠤᠨ ᠰᠤᠷᠭᠠᠨ | ᠬᠥᠮᠦᠵᠢᠯ ᠤᠨ ᠶᠡᠭᠡ ᠬᠤᠷᠠᠯ 9 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ | ᠦᠨᠳᠦᠰᠦᠲᠡᠨ ᠤ ᠬᠦᠰᠡᠨ ᠮᠥᠷᠥᠭᠡᠳᠦᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠬᠤᠰᠢᠭᠤᠴᠢ ᠡᠭᠦᠷᠭᠡ᠂ ᠪᠠᠲᠤ ᠪᠠᠬᠢ | ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠂ ᠡᠷᠬᠡᠪᠰᠢ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ | ᠪᠠᠲᠤᠲᠠᠢ ᠤᠷᠤᠭᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | 9 ᠰᠠᠷ᠎ᠠ ᠶᠢᠨ 9 ᠠᠴᠠ 10 ᠤ ᠡᠳᠦᠷ ᠪᠤᠯᠲᠠᠯ᠎ᠠ᠂ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ | ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ | ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | | 9 ᠰᠠᠷ᠎ᠠ ᠶᠢᠨ 9 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠼᠠᠢ ᠴᠢ | ᠂ ᠳ᠋ᠢᠩ ᠰᠢᠤᠸᠠᠢ ᠰᠢᠶᠠᠩ ᠪᠡᠭᠡᠵᠢᠩ ᠳᠤ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠪᠦᠭᠦ ᠤᠯᠤᠰ ᠤᠨ ᠰᠤᠷᠭᠠᠨ | ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ | ᠠᠵᠢᠯᠯᠠᠭ᠎ᠠ ᠳᠤ ᠣᠷᠤᠯᠴᠠᠬᠤ ᠲᠥᠯᠥᠭᠡᠯᠡᠭᠴᠢᠳ ᠢ ᠭᠥᠯᠢᠶᠡᠨ ᠠᠪᠴᠤ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | 9 ᠰᠠᠷ᠎ᠠ ᠶᠢᠨ 10 ᠤ ᠡᠳᠦᠷ ᠪᠣᠯ ᠮᠠᠨ ᠤ ᠤᠯᠤᠰ ᠤᠨ ᠳᠥᠴᠢᠳᠡᠬᠢ ᠪᠠᠭᠰᠢ ᠶᠢᠨ ᠪᠠᠶᠠᠷ ᠤᠨ ᠡᠳᠦᠷ ᠪᠣᠯᠣᠨ᠎ᠠ᠃ | ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠥᠷᠭᠡᠨ ᠤᠯᠠᠨ ᠪᠠᠭᠰᠢ ᠪᠣᠯᠣᠨ ᠰᠤᠷᠭᠠᠨ | ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ | ᠯᠢ ᠴᠢᠶᠠᠩ ᠬᠤᠷᠠᠯ ᠢ ᠡᠷᠭᠢᠯᠡᠵᠡᠢ᠃ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠬᠤᠷᠠᠯ ᠳᠤ | ᠣᠷᠣᠯᠴᠠᠪᠠ᠃ ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠰᠢ ᠶᠢᠨ ᠫᠢᠩ ᠶᠠᠷᠢᠶᠠᠨ ᠳᠠᠭᠠᠨ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ | ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ | ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠲᠡᠮᠡᠴᠡᠬᠦ ᠬᠠᠷᠠᠯᠲᠠ ᠶᠢ ᠲᠣᠭᠲᠠᠭᠠᠵᠤ᠂ | ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ | ᠬᠥᠮᠦᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ | ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠪᠠᠶᠢᠷᠢᠰᠢᠯ ᠤᠨ | ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠡᠨ ᠤ ᠪᠠᠶᠢᠭᠤᠯᠤᠨ ᠪᠦᠲᠦᠭᠡᠬᠦ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ | ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ | ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ | ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠠᠬᠢ ᠨᠥᠯᠥᠭᠡᠯᠡᠬᠦ | ᠬᠦᠴᠦᠨ ᠲᠠᠢ ᠪᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ | ᠰᠢᠰᠲ᠋ᠧᠮᠲᠦ ᠢᠨᠵᠧᠨᠧᠷᠢᠩ ᠪᠣᠯᠣᠨ᠎ᠠ᠂ ᠪᠢᠳᠠ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠡᠨᠡ ᠬᠦ ᠦᠨᠳᠦᠰᠦᠨ | ᠡᠭᠦᠷᠭᠡ ᠶᠢᠨ ᠲᠣᠭᠤᠷᠢᠨ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ | ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ | ᠬᠥᠮᠥᠵᠢᠭᠦᠯᠬᠦ ᠪᠠᠷ ᠭᠤᠣᠯᠳᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ | ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢ ᠰᠤᠷᠤᠯᠴᠠᠬᠤ ᠪᠠ ᠪᠦᠭᠦ ᠲᠠᠯ᠎ᠠ ᠪᠠᠷ ᠬᠥᠭᠵᠢᠭᠦᠯᠬᠦ᠂ | ᠴᠢᠳᠠᠪᠤᠷᠢᠲᠠᠨ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠳᠢᠭᠯᠢᠮ ᠲᠠᠢ ᠪᠠᠶᠢᠬᠤ | ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ | ᠤᠯᠤᠰ ᠤᠨ ᠲᠤᠷᠰᠢᠯᠭ᠎ᠠ ᠪᠠᠷ ᠲᠣᠯᠢᠳᠠᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠰᠢᠨ᠎ᠡ ᠴᠠᠭ | ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠨ | ᠰᠠᠶᠢᠵᠢᠷᠠᠭᠤᠯᠵᠤ᠂ ᠵᠠᠯᠠᠭᠤ ᠥᠰᠪᠦᠷᠢ ᠶᠢᠨ ᠰᠤᠷᠤᠬᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠮᠠᠷᠺᠰ ᠤᠨ | ᠦᠵᠡᠯ ᠤᠨ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠢᠲᠡᠭᠡᠯ ᠪᠢᠰᠢᠷᠡᠯ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠢᠲᠡᠭᠡᠯ ᠵᠣᠷᠢᠭ ᠢ ᠨᠢ ᠪᠠᠲᠤᠳᠬᠠᠵᠤ᠂ ᠡᠬᠡ | ᠤᠯᠤᠰ ᠤᠨ ᠢᠶᠠᠨ ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠶ ᠪᠤᠯᠭᠠᠵᠤ᠂ | ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠭᠴᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠭᠤᠤ | ᠶᠡᠭᠡ ᠬᠤᠪᠢᠰᠤᠯᠲᠠ ᠶᠢᠨ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠡᠬᠢ | ᠪᠠᠶᠠᠯᠢᠭ ᠤᠨ ᠬᠥᠮᠥᠨ ᠢ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠦᠢᠯᠡᠳᠦᠯᠭᠡ ᠪᠠᠷ ᠬᠥᠮᠥᠨ ᠢ | ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠳᠠ | ᠦᠭᠡᠢ ᠥᠷᠭᠡᠳᠬᠡᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ | ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ | ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ | ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ | ᠪᠤᠯᠭᠠᠵᠤ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠠᠴᠠ ᠭᠠᠷᠳᠠᠵᠤ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ | ᠪᠠᠶᠢᠷᠢᠯᠠᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠂ ᠰᠠᠭᠤᠷᠢ | ᠰᠢᠨᠵᠢᠯᠡᠭᠡᠨ᠂ ᠰᠢᠨ᠎ᠡ ᠪᠠᠷ ᠪᠤᠶ ᠪᠣᠯᠤᠭᠰᠠᠨ ᠰᠢᠨᠵᠢᠯᠡᠭᠡᠨ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ | ᠣᠷᠦ᠋ᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ᠃ ᠠᠵᠢᠯ ᠮᠡᠷᠭᠡᠵᠢᠯ ᠪᠠ ᠡᠩ ᠤᠨ ᠬᠢ ᠠᠭᠤᠰᠤᠯᠴᠠᠭᠰᠠᠨ᠂ ᠦᠢᠯᠡᠳᠪᠦᠷᠢᠯᠡᠯ ᠪᠠ ᠵᠢᠭᠠᠨ ᠰᠤᠷᠭᠠᠯᠲᠠ | ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠲᠣᠮᠣ ᠤᠯᠤᠰ ᠤᠨ ᠤᠷᠠᠨ | ᠳᠠᠷᠬᠠᠨ᠂ ᠤᠷᠠᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ᠂ ᠪᠣᠯᠬᠤᠶᠢᠴᠠ ᠴᠢᠨᠠᠷ᠂ ᠳᠥᠭᠦᠮ ᠳᠥᠲᠡ ᠴᠢᠨᠠᠷ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ᠂ ᠣᠷᠣᠨ ᠪᠦᠰᠡ᠂ | ᠰᠤᠷᠭᠠᠭᠤᠯᠢ ᠶᠢᠨ ᠬᠤᠭᠤᠷᠣᠨᠳᠣᠭᠢ᠂ ᠪᠦᠯᠦᠭ ᠴᠣᠭᠴᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ | ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠠᠰᠢᠭ ᠬᠦᠷᠲᠡᠭᠡᠬᠦ ᠬᠡᠪᠴᠢᠶ᠎ᠡ ᠶᠢ | ᠥᠷᠭᠡᠳᠬᠡᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ | ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠂ ᠪᠠᠭᠰᠢ ᠶᠢ ᠬᠥᠮᠥᠵᠢᠭᠦᠯᠦᠨ ᠪᠤᠯᠪᠠᠰᠤᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠤᠶᠢᠵᠢᠭᠤᠯᠬᠤ ᠬᠡᠷᠡᠭᠲᠡᠢ᠃ ᠪᠠᠭᠰᠢ ᠶᠢᠨ ᠤᠯᠤᠰ | ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ | ᠳᠡᠭᠡᠭᠰᠢᠯᠡᠭᠦᠯᠵᠦ᠂ ᠪᠠᠭᠰᠢ ᠶᠢᠨ ᠬᠥᠯᠥᠰᠦ ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠨ᠂ ᠪᠠᠭᠰᠢ ᠶᠢᠨ ᠠᠵᠢᠯ | ᠮᠡᠷᠭᠡᠵᠢᠯ ᠤᠨ ᠨᠡᠷ᠎ᠡ ᠬᠦᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠠᠭᠰᠢ ᠳᠤ ᠡᠷᠬᠢᠮ ᠳᠡᠭᠡᠳᠦ | ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠣᠷᠣᠭᠤᠯᠤᠨ | ᠠᠪᠴᠢᠷᠠᠬᠤ︾ ᠪᠠ ︽ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠰᠤᠷᠭᠠᠨ | ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠳᠠᠰᠤᠷᠠᠯᠳᠠ | ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠣᠨ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠪᠦᠭᠦ ᠪᠥᠮᠪᠥᠷᠴᠡᠭ ᠤᠨ ᠰᠤᠷᠭᠠᠨ | ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠪᠣᠯᠣᠨ | ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ | ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ | ᠡᠭᠦᠰᠦᠭᠰᠡᠨ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠶᠢ ᠪᠦᠭᠦ ᠲᠠᠯ᠎ᠠ ᠪᠠᠷ ᠳ᠋ᠦᠩᠨᠡᠵᠦ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠣᠨ ᠦᠨᠳᠦᠰᠦᠨ ᠠᠷᠭ᠎ᠠ ᠵᠠᠮ ᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠰᠠᠶᠢᠲᠤᠷ | ᠰᠢᠢᠳᠪᠦᠷᠢᠯᠡᠬᠦ ᠬᠡᠷᠡᠭᠲᠡᠢ ᠴᠢᠬᠤᠯᠠ ᠶᠡᠭᠡ ᠬᠠᠷᠢᠴᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ | ᠪᠣᠳᠣᠯᠭ᠎ᠠ ᠶᠢᠨ ᠡᠭᠦᠷᠭᠡ ᠪᠣᠯᠣᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠪᠠ᠃ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ | ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ | ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠤᠷᠭᠠᠨ ᠬᠥᠮᠦᠵᠢᠯ ᠤᠨ ᠠᠵᠢᠯ ᠢ | ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠂ ᠡᠨᠡ ᠨᠢ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ | ᠬᠠᠩᠭᠠᠭᠰᠠᠨ ᠪᠠᠶᠢᠨ᠎ᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ | ᠨᠢᠭᠡᠳᠬᠡᠵᠦ᠂ ᠪᠣᠳᠠᠲᠠᠢ ᠶᠢ ᠡᠷᠬᠢᠮᠯᠡᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ | ᠰᠢᠨᠵᠢ ᠴᠢᠨᠠᠷ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ | ᠱᠤᠭᠤᠵᠤ ᠬᠥᠮᠥᠨ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠢ ᠰᠠᠶᠢᠲᠤᠷ ᠪᠤᠯᠪᠠᠰᠤᠷᠠᠭᠤᠯᠬᠤ ᠬᠡᠷᠡᠭᠲᠡᠢ᠃ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ | ᠴᠢᠬᠤᠯᠠ ᠴᠢᠳᠠᠮᠵᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠰᠤᠷᠭᠠᠨ ᠬᠥᠮᠦᠵᠢᠯ ᠤᠨ ᠲᠤᠬᠠᠢ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠦᠷᠲᠡᠭᠡᠮᠵᠢ | ᠣᠯᠭᠤᠮᠵᠢ ᠶᠢᠨ ᠪᠠᠲᠤᠯᠠᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠰᠠᠭᠤᠷᠢ ᠶᠢ ᠰᠠᠶᠢᠲᠤᠷ ᠪᠠᠬᠢᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ | ᠨᠡᠭᠡᠭᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠪᠠᠶᠢᠭᠤᠯᠤᠯ | ᠲᠣᠭᠲᠠᠴᠠ ᠶᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠶᠢᠨ ᠬᠢᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ | ᠲᠣᠯᠣᠭᠠᠢ ᠳᠠᠭᠠᠨ ᠰᠢᠩᠭᠡᠭᠡᠵᠦ ᠰᠡᠳᠬᠢᠯ ᠳᠡᠭᠡᠨ ᠬᠠᠳᠠᠩᠰᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠰᠤᠷᠭᠠᠨ | ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠯᠢᠶᠣᠤᠨᠢᠩ ᠮᠤᠵᠢ᠂ ᠱᠠᠩᠬᠠᠢ ᠬᠤᠲᠠ᠂ | ᠬᠤᠪᠧᠢ ᠮᠤᠵᠢ᠂ ᠭᠦᠢᠵᠧᠦ ᠮᠤᠵᠢ᠂ ᠳᠤᠮᠳᠠᠳᠤ ᠤᠯᠤᠰ ᠤᠨ ᠡᠯᠧᠺᠲᠷᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠦᠯᠦᠭᠯᠡᠯ ᠤᠨ ᠬᠢᠵᠠᠭᠠᠷᠲᠤ ᠺᠤᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ | ᠰᠣᠯᠢᠯᠴᠠᠬᠤ ᠦᠭᠡ ᠬᠡᠯᠡᠵᠡᠢ᠃ | ᠬᠤᠷᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠳᠥᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ | ᠵᠢᠴᠢ ᠪᠦᠭᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ | ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠳᠤ ᠣᠷᠣᠯᠴᠠᠬᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ | ᠲᠥᠯᠥᠭᠡᠯᠡᠭᠴᠢᠳ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ | ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠪᠠ᠃ ᠲᠥᠪ ᠤᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ ᠳᠤ | ᠲᠤᠰᠠᠭᠠᠷ ᠵᠢᠭᠰᠠᠭᠠᠭᠰᠠᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |