ᠨᠢᠭᠡ᠂ ᠶᠤᠸᠠᠨ ᠪᠦᠦ ᠱᠠᠨ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠲᠣᠳᠤᠯᠠᠨ ᠪᠠᠶᠢᠴᠠᠭᠠᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ | ᠰᠤᠳᠤᠯᠪᠠ | ᠬᠤᠷᠠᠯ ᠠᠴᠠ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ | ᠲᠥᠪᠯᠡᠷᠡᠭᠦᠯᠦᠨ ᠲᠣᠳᠤᠯᠠᠨ ᠪᠠᠶᠢᠴᠠᠭᠠᠬᠤ ᠠᠵᠢᠯ ᠪᠣᠯ ᠪᠦᠬᠦ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠪᠦᠬᠦ ᠵᠥᠢᠯ ᠢ ᠲᠣᠳᠣᠷᠬᠠᠢ ᠣᠶᠢᠯᠠᠭᠠᠬᠤ ᠪᠦᠲᠦᠮᠵᠢᠲᠡᠢ | ᠠᠷᠭ᠎ᠠ ᠬᠡᠮᠵᠢᠶ᠎ᠡ ᠮᠥᠨ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠡᠳ᠋ | ᠬᠦᠷᠦᠩᠭᠡ ᠰᠤᠯᠠ ᠪᠠᠶᠢᠬᠤ᠂ ᠦᠷ᠎ᠡ ᠠᠰᠢᠭ ᠢᠶᠠᠷ ᠳᠤᠤᠷ᠎ᠠ ᠡᠷᠭᠢᠯᠳᠥᠵᠦ ᠪᠠᠶᠢᠬᠤ ᠵᠡᠷᠭᠡ ᠠᠰᠠᠭᠤᠳᠠᠯ ᠢ | ᠰᠢᠢᠳᠪᠦᠷᠢᠯᠡᠬᠦ ᠪᠦᠲᠦᠮᠵᠢᠲᠡᠢ ᠠᠷᠭ᠎ᠠ ᠪᠠᠷᠢᠯ ᠮᠥᠨ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ | ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠳᠤᠯᠠᠨ ᠪᠠᠶᠢᠴᠠᠭᠠᠵᠤ | ᠢᠯᠡᠷᠡᠭᠦᠯᠦᠭᠰᠡᠨ ᠲᠡᠤᠬᠡᠨ ᠠᠴᠠ ᠦᠯᠡᠳᠡᠭᠳᠡᠵᠦ ᠢᠷᠡᠭᠰᠡᠨ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ | ᠡᠳ᠋ ᠬᠥᠷᠥᠩᠭᠡ ᠶᠢᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠣᠷᠣᠯᠭ᠎ᠠ ᠪᠠᠨ | ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠶᠠᠷ᠂ ︽ᠭᠤᠷᠪᠠ ᠶᠢ ᠪᠠᠲᠤᠯᠠᠬᠤ︾ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠬᠤᠯᠪᠣᠭᠳᠠᠯ | ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠬᠤᠷᠠᠯ ᠠᠴᠠ᠂ ︽ᠭᠤᠷᠪᠠ ᠶᠢ ᠪᠠᠲᠤᠯᠠᠬᠤ︾ ᠠᠵᠢᠯ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ | ᠲᠤᠰᠠ ᠲᠠᠢ ᠬᠤᠯᠪᠣᠭᠳᠠᠵᠤ᠂ ᠠᠵᠤ ᠠᠬᠤᠶ ᠶᠢᠨ ᠠᠵᠢᠯᠯᠠᠭᠠᠨ ᠤ ᠡᠮᠬᠢ ᠳᠢᠭᠯᠢᠮ ᠪᠠ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠬᠠᠮᠠᠭᠠᠯᠠᠬᠤ ︽ᠳᠠᠷᠤᠭᠤᠯ ᠴᠢᠯᠠᠭᠤ︾ ᠮᠥᠨ᠃ ᠡᠯ᠎ᠡ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠢᠵᠠᠭᠠᠷ ᠲᠠᠢ ᠡᠬᠢ ᠪᠠᠶᠠᠯᠢᠭ | ᠪᠣᠯᠤᠨ ᠡᠳ᠋ ᠤᠨ ᠬᠦᠴᠦᠨ ᠢ ᠦᠨᠡᠨᠬᠦ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ ︽ᠭᠤᠷᠪᠠ ᠶᠢ ᠪᠠᠲᠤᠯᠠᠬᠤ︾ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |