ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠤᠯᠠᠭᠠᠨᠬᠠᠳᠠ ᠬᠤᠲᠠ ᠶᠢᠨ ᠶᠤᠸᠠᠨ | ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ | ᠰᠠᠯᠠᠭᠠᠨ ᠤ ᠲᠠᠰ ᠪᠣᠯᠣᠨ᠎ᠠ᠃ | ᠨᠢᠭᠡ ᠂ ᠭᠤᠣᠯ ᠡᠭᠦᠷᠭᠡ ᠬᠠᠷᠢᠭᠤᠴᠠᠯᠭ᠎ᠠ ᠄ | ︵ᠨᠢᠭᠡ︶ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ | ︵ᠬᠤᠶᠠᠷ︶ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠶᠢᠨ ᠵᠠᠰᠠᠭ | ᠵᠠᠬᠢᠷᠭᠠᠨ ᠤ ᠵᠠᠷᠭᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠵᠡᠷᠭᠡ ᠠᠵᠢᠯ ᠢ ᠬᠠᠷᠢᠭᠤᠴᠠᠵᠤ᠂ ᠬᠤᠲᠠ ᠶᠢᠨ ᠬᠠᠮᠢᠶᠠᠷᠤᠯᠲᠠ ᠶᠢᠨ ᠲᠣᠭᠠᠵᠢᠭᠤᠯᠬᠤ᠂ | ᠨᠠᠷᠢᠯᠢᠭᠵᠢᠭᠤᠯᠬᠤ᠂ ᠣᠶᠤᠨᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ | ᠵᠠᠬ᠎ᠠ ᠳᠡᠯᠭᠡᠭᠦᠷᠴᠢᠯᠡᠬᠦ᠂ ᠨᠡᠶᠢᠭᠡᠮᠴᠢᠯᠡᠬᠦ᠂ ᠲᠤᠰᠬᠠᠶᠢᠵᠢᠭᠤᠯᠬᠤ᠂ ᠠᠵᠤ ᠥᠢᠯᠡᠰᠵᠢᠭᠦᠯᠥᠨ ᠬᠥᠭᠵᠢᠭᠦᠯᠬᠦ ᠶᠢ | ᠠᠬᠢᠭᠤᠯᠤᠨ᠎ᠠ᠃ | ︵ᠭᠤᠷᠪᠠ︶ ᠬᠤᠲᠠ ᠶᠢᠨ ᠶᠠᠪᠤᠳᠠᠯ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠴᠡᠴᠡᠷᠯᠢᠭ ᠤᠨ | ᠨᠣᠭᠤᠭᠠᠷᠠᠭᠤᠯᠤᠯᠲᠠ᠂ ᠬᠤᠲᠠ ᠶᠢᠨ ᠳᠦᠷᠰᠦ ᠪᠠᠶᠢᠳᠠᠯ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠤ | ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠵᠢᠴᠢ ᠵᠢᠵᠢᠭ ᠲᠣᠭᠤᠷᠢᠭ ᠤᠨ | ᠠᠳᠠᠯ ᠠᠬᠤᠢ ᠶᠢᠨ ᠠᠵᠢᠯ ᠡᠷᠭᠢᠯᠡᠬᠦ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ᠂ ᠬᠤᠲᠠ ᠶᠢᠨ ᠬᠠᠮᠢᠶᠠᠷᠤᠯᠲᠠ ᠪᠠ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠬᠠᠷᠢᠭᠤᠴᠠᠨ᠎ᠠ᠃ | ︵ᠳᠥᠷᠪᠡ︶ ᠬᠤᠳᠠ ᠬᠥᠳᠡᠭᠡ ᠶᠢᠨ ᠲᠥᠯᠦᠪᠵᠢᠭᠦᠯᠭᠡ ᠠᠴᠠ ᠵᠥᠷᠢᠴᠡᠭᠰᠡᠨ ᠂ ᠲᠥᠯᠦᠪᠵᠢᠭᠦᠯᠭᠡ ᠪᠠᠷ | ᠵᠥᠪᠰᠢᠶᠡᠷᠡᠭᠦᠯᠦᠭᠰᠡᠨ ᠦᠭᠡᠢ ᠪᠠ ᠲᠥᠯᠦᠪᠵᠢᠭᠦᠯᠭᠡ ᠪᠠᠷ ᠵᠥᠪᠰᠢᠶᠡᠷᠡᠭᠦᠯᠦᠭᠰᠡᠨ ᠦᠭᠡᠢ ᠪᠠᠷ ᠵᠣᠬᠢᠶᠠᠨ ᠪᠠᠶᠢᠭᠤᠯᠤᠨ | ᠪᠦᠲᠦᠭᠡᠨ ᠪᠠᠶᠢᠭᠤᠯᠤᠭᠰᠠᠨ ᠂ ᠪᠦᠲᠦᠭᠡᠨ ᠪᠠᠶᠢᠭᠤᠯᠬᠤ ᠲᠥᠷᠥᠯ ᠵᠦᠢᠯ ᠤᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠪᠣᠯᠣᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ ᠃ ᠬᠠᠤᠯᠢ ᠲᠣᠭᠲᠠᠭᠠᠯ ᠠᠴᠠ | ᠵᠥᠷᠢᠴᠡᠭᠰᠡᠨ ᠲᠥᠷ ᠴᠠᠭ ᠤᠨ ᠪᠦᠲᠦᠭᠡᠨ ᠪᠠᠶᠢᠭᠤᠯᠬᠤ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠂ | ᠬᠠᠤᠯᠢ ᠲᠣᠭᠲᠠᠭᠠᠯ ᠠᠴᠠ ᠵᠥᠷᠢᠴᠡᠨ ᠳᠠᠭᠠᠯᠲᠠ ᠶᠠᠭᠤᠮ᠎ᠠ ᠪᠣᠰᠬᠠᠬᠤ ᠂ ᠪᠠᠷᠢᠯᠭ᠎ᠠ ᠶᠢᠨ ᠠᠵᠢᠯ ᠶᠢᠨ ᠵᠥᠪᠰᠢᠶᠡᠷᠡᠯ ᠢ | ᠳᠠᠮᠵᠢᠭᠰᠠᠨ ᠦᠭᠡᠢ ᠪᠤᠶᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠦᠭᠡᠢ ᠬᠠᠤᠯᠢ | ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠂ | ᠪᠠᠷᠢᠯᠭ᠎ᠠ ᠶᠢᠨ ᠵᠦᠢᠯ ᠤᠨ ᠪᠣᠰᠤᠭ᠎ᠠ ᠲᠠᠯ᠎ᠠ ᠪᠣᠯᠣᠨ ᠥᠩᠭᠡ ᠪᠤᠳᠤᠭ ᠢ ᠵᠥᠪᠰᠢᠶᠡᠷᠡᠭᠰᠡᠨ ᠤ ᠲᠠᠷᠠᠭ᠎ᠠ ᠬᠢᠨᠠᠨ | ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ | ︵ᠲᠠᠪᠤ︶ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠠᠵᠢᠯ ᠲᠥᠷᠥᠯ ᠤᠨ ᠲᠤᠰᠤᠨ ᠤᠲᠤᠭᠠᠨ ᠤ ᠪᠣᠬᠢᠷᠲᠤᠯ ᠂ ᠵᠠᠳᠠᠭᠠᠢ ᠰᠢᠷᠠᠯᠭ᠎ᠠ ᠶᠢᠨ ᠪᠣᠬᠢᠷᠲᠤᠯ ᠂ | ᠬᠤᠳᠠ ᠶᠢᠨ ᠰᠢᠲᠠᠭᠠᠭᠴᠢ ᠯᠢᠴᠢᠩ ᠂ ᠰᠦᠯᠢᠶᠥᠦ ᠂ ᠡᠰᠢ ᠰᠦᠷᠡᠯ ᠂ ᠵᠤᠯᠭᠠᠷᠠᠮᠠᠯ ᠨᠠᠪᠴᠢ ᠵᠡᠷᠭᠡ ᠤᠲᠤᠭ᠎ᠠ | ᠲᠣᠭᠤᠰᠣᠨ ᠤ ᠪᠣᠬᠢᠷᠲᠤᠯ ᠂ ᠬᠤᠸᠠᠷ ᠫᠤᠤᠵᠢᠩ ᠲᠠᠯᠪᠢᠭᠰᠠᠨ ᠪᠣᠬᠢᠷᠲᠤᠯ ᠂ ᠪᠠᠷᠢᠯᠭ᠎ᠠ ᠶᠢᠨ ᠠᠵᠢᠯ ᠤᠨ ᠳᠡᠭᠳᠡᠮᠡᠯ | ᠲᠣᠭᠤᠰᠣ ᠵᠢᠴᠢ ᠱᠤᠤᠭᠢᠶᠠᠨ ᠤ ᠪᠣᠬᠢᠷᠲᠤᠯ ᠂ ᠬᠤᠭ ᠰᠢᠷᠣᠢ ᠶᠢ ᠵᠥᠭᠡᠭᠡᠪᠦᠷᠢᠯᠡᠵᠦ ᠠᠰᠬᠠᠭᠰᠠᠨ ᠵᠡᠷᠭᠡ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠵᠢᠴᠢ ᠬᠠᠷᠢᠭᠤᠴᠠᠨ᠎ᠠ ᠃ | ︵ᠵᠢᠷᠭᠤᠭ᠎ᠠ︶ ᠬᠤᠳᠠ ᠶᠢᠨ ᠭᠤᠣᠯ ᠤᠨ ᠲᠣᠬᠤᠢ ᠳᠤ ᠬᠤᠭ ᠨᠣᠪᠰᠢ ᠴᠢᠳᠬᠤᠬᠤ ᠪᠠ ᠬᠤᠳᠠ ᠶᠢᠨ ᠭᠤᠣᠯ | ᠤᠨ ᠲᠣᠬᠤᠢ ᠳᠤ ᠬᠠᠤᠯᠢ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ ᠂ ᠰᠢᠷᠣᠢ ᠠᠪᠬᠤ ᠂ ᠡᠯᠡᠰᠦ ᠠᠪᠬᠤ | ᠵᠡᠷᠭᠡ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ ᠃ | ︵ᠲᠤᠯᠤᠭ᠎ᠠ︶ ᠲᠤᠰᠬᠠᠢ ᠬᠡᠷᠡᠭᠯᠡᠭᠡᠨ ᠤ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠫᠠᠶᠢᠰᠠ | ᠪᠠᠶᠢᠷᠢᠯᠠᠭᠤᠯᠬᠤ ᠪᠠ ᠬᠠᠮᠠᠭᠠᠯᠠᠬᠤ ᠶᠢ ᠬᠠᠷᠢᠭᠤᠴᠠᠵᠤ ᠂ ᠭᠡᠷ ᠤᠨ ᠭᠠᠳᠠᠨ᠎ᠠ ᠬᠠᠤᠯᠢ ᠲᠣᠭᠲᠠᠭᠠᠯ ᠠᠴᠠ ᠵᠥᠷᠢᠴᠡᠭᠰᠡᠨ | ᠵᠠᠷ ᠨᠠᠭᠠᠵᠤ ᠡᠯᠭᠦᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠭᠡᠷ ᠤᠨ ᠭᠠᠳᠠᠨᠠᠬᠢ ᠤᠯᠠᠨ | ᠨᠡᠶᠢᠲᠡ ᠶᠢᠨ ᠲᠠᠯᠠᠪᠤᠷ ᠲᠤ ᠢᠳᠡᠭᠡᠨ ᠪᠣᠷᠣᠯᠠᠭᠤᠯᠬᠤ ᠂ ᠢᠳᠡᠭᠡᠨ ᠤᠮᠳᠠᠭᠠᠨ ᠤ ᠳᠡᠯᠭᠡᠭᠡᠰᠦ ᠶᠢᠨ ᠡᠵᠡᠩᠨᠡᠯᠲᠡ ᠶᠢᠨ | ᠡᠮᠬᠢ ᠳᠢᠭᠯᠢᠮ ᠤᠨ ᠬᠠᠮᠢᠶᠠᠷᠤᠯᠲᠠ ᠂ ᠵᠡᠭᠡᠯᠢ ᠭᠤᠳᠤᠮᠵᠢ ᠶᠢᠨ ᠬᠠᠤᠯᠢ ᠠᠴᠠ ᠵᠥᠷᠢᠴᠡᠨ ᠡᠮ ᠤᠨ ᠵᠦᠢᠯ ᠬᠤᠷᠢᠶᠠᠬᠤ᠂ | ᠫᠠᠨᠽᠠᠯᠠᠬᠤ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠥᠷᠢᠯᠡᠬᠦ ᠶᠢ ᠬᠠᠷᠢᠭᠤᠴᠠᠨ᠎ᠠ᠃ | ︵ᠨᠠᠢᠮᠠ︶ ᠬᠤᠳᠠ ᠶᠢᠨ ᠤᠯᠠᠨ ᠨᠡᠶᠢᠲᠡ ᠶᠢᠨ ᠣᠷᠣᠨ ᠲᠣᠭᠤᠷᠢᠭ ᠢ ᠠᠰᠢᠭᠯᠠᠨ ᠵᠠᠳᠠᠭᠠᠢ ᠭᠠᠵᠠᠷ ᠳᠡᠭᠡᠷᠡᠬᠢ | ᠲᠡᠷᠭᠡ ᠵᠣᠭᠰᠤᠭᠠᠬᠤ ᠲᠠᠯᠠᠪᠠᠢ ᠂ ᠲᠡᠷᠭᠡ ᠵᠣᠭᠰᠤᠭᠠᠬᠤ ᠭᠠᠵᠠᠷ ᠪᠠᠶᠢᠷᠢᠯᠠᠭᠤᠯᠬᠤ ᠶᠢ ᠬᠢᠨᠠᠨ ᠪᠠᠶᠢᠴᠠᠭᠠᠬᠤ ᠪᠠ ᠬᠢᠨᠠᠨ | ᠬᠠᠮᠢᠶᠠᠷᠬᠤ ᠶᠢ ᠬᠠᠷᠢᠭᠤᠴᠠᠵᠤ ᠂ ᠵᠥᠪᠰᠢᠶᠡᠷᠡᠯ ᠣᠯᠣᠭᠰᠠᠨ ᠦᠭᠡᠢ ᠪᠠᠷ ᠬᠤᠳᠠ ᠶᠢᠨ ᠵᠠᠮ ᠢ ᠡᠵᠡᠯᠡᠨ ᠬᠡᠷᠡᠭᠯᠡᠵᠦ ᠵᠠᠮ | ᠬᠠᠷᠢᠯᠴᠠᠭᠠᠨ ᠤ ᠪᠤᠰᠤ ᠠᠵᠢᠯᠯᠠᠭ᠎ᠠ ᠬᠢᠬᠦ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ ᠃ | ︵ ᠶᠢᠰᠦ ︶ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠶᠠᠪᠤᠳᠠᠯ ᠤᠳ ᠢ ᠪᠡᠶᠡᠯᠡᠭᠦᠯᠦᠨ᠎ᠡ ᠃ | ᠬᠤᠶᠠᠷ ᠂ ᠳᠣᠲᠣᠭᠠᠳᠤ ᠪᠠᠶᠢᠭᠤᠯᠤᠮᠵᠢ ᠄ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠵᠠᠰᠠᠭ ᠤᠨ ᠶᠠᠪᠤᠳᠠᠯ᠂ ᠣᠶᠤᠨᠲᠤ ᠲᠠᠪᠴᠠᠩ ᠵᠢᠴᠢ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠮᠡᠳᠡᠭᠡ ᠵᠠᠩᠭᠢ | ᠂ ᠲᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ᠂ ᠵᠠᠬᠢᠳᠠᠯ ᠰᠣᠷᠪᠤᠯᠵᠢᠯᠠᠭ᠎ᠠ ᠵᠡᠷᠭᠡ ᠡᠳᠦᠷ | ᠲᠤᠲᠤᠮ ᠤᠨ ᠠᠵᠢᠯ ᠢ ᠳᠠᠭᠠᠭᠠᠨ ᠭᠦᠢᠴᠡᠳᠬᠡᠵᠦ᠂ ᠬᠥᠭᠵᠢᠭᠦᠯᠦᠯᠲᠡ ᠶᠢᠨ ᠲᠥᠯᠦᠪᠵᠢᠭᠦᠯᠭᠡ ᠪᠠ ᠣᠨ ᠤ | ᠲᠥᠯᠥᠪᠯᠡᠭᠡ ᠶᠢ ᠲᠤᠭᠤᠷᠪᠢᠬᠤ ᠪᠠ ᠵᠠᠰᠠᠪᠤᠷᠢ ᠣᠷᠣᠭᠤᠯᠵᠤ᠂ ᠲᠣᠭᠲᠠᠮᠠᠯ ᠬᠥᠷᠥᠩᠭᠡ᠂ ᠬᠠᠤᠯᠢ ᠬᠡᠷᠡᠭᠵᠢᠭᠦᠯᠬᠦ ᠲᠡᠷᠭᠡ | ᠬᠥᠰᠬᠡ ᠶᠢᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠪᠡᠯᠡᠳᠬᠡᠮᠵᠢ᠂ ᠲᠥᠬᠦᠭᠡᠷᠦᠮᠵᠢ᠂ ᠲᠣᠨᠤᠭ ᠲᠥᠬᠦᠭᠡᠷᠦᠮᠵᠢ | ᠵᠡᠷᠭᠡ ᠡᠳ᠋ ᠪᠠᠷᠠᠭ᠎ᠠ ᠶᠢᠨ ᠲᠥᠯᠥᠪᠯᠡᠭᠡ᠂ ᠭᠤᠶᠤᠴᠢᠯᠠᠨ ᠮᠡᠳᠡᠭᠦᠯᠬᠦ᠂ ᠬᠤᠳᠠᠯᠳᠤᠨ ᠠᠪᠬᠤ᠂ ᠲᠠᠷᠬᠠᠭᠠᠬᠤ᠂ | ᠢᠨᠵᠧᠨᠧᠷᠢᠩ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ | ᠬᠠᠷᠢᠭᠤᠴᠠᠨ᠎ᠠ ᠃ ᠠᠵᠢᠯᠲᠠᠨ ᠤ ᠡᠳ᠋ ᠬᠥᠷᠥᠩᠭᠡ ᠶᠢᠨ ᠬᠠᠷᠢᠴᠠᠭ᠎ᠠ ᠶᠢ ᠵᠣᠬᠢᠴᠠᠬᠤᠯᠬᠤ᠂ ᠨᠠᠰᠤᠨ ᠤ ᠠᠮᠠᠷᠠᠯᠲᠠ | ᠲᠤᠰᠢᠶᠠᠯ ᠠᠴᠠ ᠪᠠᠨ ᠰᠠᠯᠤᠭᠰᠠᠨ ᠬᠥᠮᠥᠰ ᠢ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ ᠃ | ︵ᠬᠤᠶᠠᠷ︶ ᠬᠠᠤᠯᠢ ᠳᠦᠷᠢᠮ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠡᠭᠡ ᠠᠩᠭᠢ᠃ ᠬᠤᠲᠠ ᠶᠢᠨ | ᠬᠠᠮᠢᠶᠠᠷᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ᠂ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠡᠷᠡᠭ ᠢ ᠬᠢᠨᠠᠨ ᠬᠠᠷᠭᠤᠭᠤᠯᠬᠤ ᠵᠢᠴᠢ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠬᠠᠤᠯᠢ | ᠲᠣᠭᠲᠠᠭᠠᠯ ᠶᠣᠰᠣᠭᠠᠷ ᠥᠷᠨᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ | ᠬᠦᠯᠢᠶᠡᠬᠦ ᠠᠵᠢᠯ ᠢ ᠬᠠᠮᠵᠢᠨ ᠰᠠᠶᠢᠲᠤᠷ ᠬᠢᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠠᠬᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠶᠡᠭᠡ ᠠᠩᠭᠢ᠃ ᠠᠳᠠᠯ ᠠᠬᠤᠢ ᠶᠢᠨ ᠠᠵᠤ | ᠠᠬᠤᠶᠢᠯᠠᠯ ᠤᠨ ᠠᠵᠢᠯ ᠡᠷᠭᠢᠯᠡᠬᠦ ᠦᠶᠯᠡ ᠠᠵᠢᠯᠯᠠᠭ᠎ᠠ᠂ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠶᠢᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢ ᠰᠣᠩᠭᠤᠨ ᠤᠷᠢᠬᠤ ᠦᠶᠯᠡ ᠠᠵᠢᠯᠯᠠᠭ᠎ᠠ᠂ ᠵᠢᠵᠢᠭ | ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠢᠨᠠᠯᠲᠠ ᠬᠠᠮᠢᠶᠠᠷᠤᠯᠲᠠ᠂ ᠲᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠥᠩᠭᠦ ᠶᠢ ᠬᠢᠨᠠᠨ ᠵᠥᠪᠰᠢᠶᠡᠷᠡᠵᠦ ᠬᠢᠨᠠᠨ | ᠬᠠᠮᠢᠶᠠᠷᠤᠨ᠎ᠠ᠃ ᠠᠳᠠᠯ ᠠᠬᠤᠢ ᠶᠢᠨ ᠠᠵᠤ ᠠᠬᠤᠶᠢᠯᠠᠯ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠳᠣᠲᠣᠷ᠎ᠠ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠬᠠᠤᠯᠢ ᠲᠣᠭᠲᠠᠭᠠᠯ ᠠᠴᠠ ᠵᠥᠷᠢᠴᠡᠨ ᠵᠠᠰᠠᠵᠤ ᠴᠢᠮᠡᠭᠯᠡᠬᠦ | ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠤᠷᠢᠭᠯᠠᠬᠤ ᠶᠢᠨ ᠬᠠᠮᠲᠤ ᠳᠡᠭᠡᠭᠰᠢ | ᠮᠡᠳᠡᠭᠦᠯᠬᠦ ᠳᠤ ᠬᠠᠤᠯᠢ ᠲᠣᠭᠲᠠᠭᠠᠯ ᠶᠣᠰᠣᠭᠠᠷ ᠬᠢᠨᠠᠯᠲᠠ ᠲᠠᠯᠪᠢᠨ᠎ᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠶᠡᠭᠡ ᠠᠩᠭᠢ ᠶᠢ ᠰᠢᠮᠳᠠᠭᠤᠯᠤᠨ ᠪᠠᠶᠢᠴᠠᠭᠠᠨ᠎ᠠ᠃ ᠬᠤᠲᠠ ᠶᠢᠨ | ᠬᠠᠮᠢᠶᠠᠷᠤᠯᠲᠠ ᠶᠢᠨ ᠬᠡᠪᠴᠢᠶᠡᠨ ᠳᠠᠬᠢ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠢ | ᠬᠠᠤᠯᠢ ᠲᠣᠭᠲᠠᠭᠠᠯ ᠶᠣᠰᠣᠭᠠᠷ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠬᠠᠮᠢᠶᠠᠷᠤᠯᠲᠠ ᠶᠢᠨ ᠵᠥᠪᠯᠡᠯ ᠤᠨ | ᠨᠡᠶᠢᠲᠡᠯᠡᠭᠰᠡᠨ ᠡᠯ᠎ᠡ ᠵᠦᠢᠯ ᠤᠨ ᠵᠠᠷᠯᠢᠭ ᠪᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ | ᠭᠤᠷᠪᠠᠳᠠᠭᠢ ᠡᠲᠡᠭᠡᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠶᠢᠨ ᠦᠢᠯᠡᠴᠢᠯᠡᠭᠡᠨ ᠤ | ᠲᠥᠰᠥᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠨ᠎ᠠ᠃ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠢᠨᠠᠨ ᠡᠵᠡᠮᠳᠡᠬᠦ᠂ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠦᠭᠡᠢ ᠦᠢᠯᠡᠳᠪᠦᠷᠢᠯᠡᠬᠦ ᠵᠡᠷᠭᠡ ᠠᠵᠢᠯ ᠢ ᠬᠠᠤᠯᠢ ᠲᠣᠭᠲᠠᠭᠠᠯ | ᠶᠣᠰᠣᠭᠠᠷ ᠥᠷᠨᠢᠭᠦᠯᠦᠨ᠎ᠡ᠃ | ︵ᠲᠠᠪᠤ︶ ᠬᠠᠤᠯᠢ ᠬᠡᠷᠡᠭᠵᠢᠭᠦᠯᠬᠦ ᠶᠡᠭᠡ ᠠᠩᠭᠢ᠃ ᠶᠦᠨ ᠱᠠᠨ ᠵᠠᠮ᠂ ᠮᠠ ᠯᠢᠨ᠂ ᠳ᠋ᠦᠩ ᠴᠧᠩ᠂ ᠴᠧᠩ | ᠴᠢᠦᠢ ᠂ ᠰᠢ ᠴᠧᠩ᠂ ᠪᠠᠷᠠᠭᠤᠨ ᠵᠠᠳᠠᠭᠠᠢ ᠨᠡᠭᠦᠷᠡᠰᠥᠨ ᠠᠭᠤᠷᠬᠠᠢ ᠶᠢᠨ 6 ᠬᠠᠤᠯᠢ ᠬᠡᠷᠡᠭᠵᠢᠭᠦᠯᠬᠦ ᠶᠡᠭᠡ ᠠᠩᠭᠢ ᠲᠠᠢ᠃ | ᠡᠯ᠎ᠡ ᠬᠠᠤᠯᠢ ᠬᠡᠷᠡᠭᠵᠢᠭᠦᠯᠬᠦ ᠶᠡᠭᠡ ᠠᠩᠬᠢ ᠨᠤᠭᠤᠳ ᠵᠡᠭᠡᠯᠢ ᠭᠤᠳᠤᠮᠵᠢ ᠪᠠᠷ ᠬᠡᠰᠡᠭ ᠬᠤᠪᠢᠶᠠᠨ ᠬᠠᠮᠢᠶᠠᠷᠬᠤ ᠶᠢᠨ | ᠬᠠᠮᠲᠤ ᠨᠢᠭᠡ ᠪᠠᠯᠭᠠᠰᠤ ᠰᠢᠶᠠᠩ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠲᠤᠰ ᠲᠤᠰ ᠬᠠᠷᠢᠭᠤᠴᠠᠵᠤ ᠂ ᠪᠠᠯᠭᠠᠰᠤ ᠰᠢᠶᠠᠩ ᠳᠠᠭᠤᠳᠠᠬᠤ ᠳᠤ ᠶᠡᠭᠡ ᠠᠩᠬᠢ | ᠳᠠᠷᠤᠶᠢᠬᠠᠨ ᠬᠥᠷᠬᠦ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ ᠃ ᠬᠠᠷᠢᠶᠠᠲᠤ ᠣᠷᠣᠨ ᠤ ᠳᠣᠲᠣᠷᠠᠬᠢ | ᠬᠤᠲᠠ ᠶᠢᠨ ᠲᠥᠯᠦᠪᠵᠢᠭᠦᠯᠭᠡ ᠶᠢᠨ ᠬᠠᠤᠯᠢ ᠬᠡᠷᠡᠭᠵᠢᠭᠦᠯᠬᠦ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠵᠤ | ᠵᠠᠰᠠᠬᠤ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯᠯᠠᠭᠠᠨ ᠤ ᠬᠠᠤᠯᠢ ᠬᠡᠷᠡᠭᠵᠢᠭᠦᠯᠬᠦ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠬᠠᠤᠯᠢ ᠬᠡᠷᠡᠭᠵᠢᠭᠦᠯᠬᠦ᠂ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠤ ᠬᠠᠤᠯᠢ | ᠬᠡᠷᠡᠭᠵᠢᠭᠦᠯᠬᠦ᠂ ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠢᠴᠢ ᠬᠤᠲᠠ ᠶᠢᠨ | ᠬᠠᠮᠢᠶᠠᠷᠤᠯᠲᠠ ᠯᠤᠭ᠎ᠠ ᠨᠢᠭᠲᠠ ᠬᠤᠯᠪᠣᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ᠂ | ᠤᠰᠤᠨ ᠠᠰᠢᠭᠯᠠᠯᠲᠠ ᠶᠢᠨ ᠬᠠᠤᠯᠢ ᠬᠡᠷᠡᠭᠵᠢᠭᠦᠯᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠠᠵᠢᠯ ᠢ ᠬᠠᠤᠯᠢ | ᠲᠣᠭᠲᠠᠭᠠᠯ ᠶᠣᠰᠣᠭᠠᠷ ᠥᠷᠨᠢᠭᠦᠯᠦᠨ᠎ᠡ᠃ | ︵ᠵᠢᠷᠭᠤᠭ᠎ᠠ︶ ᠡᠳ᠋ ᠤᠨ ᠶᠠᠪᠤᠳᠠᠯ ᠤᠨ ᠬᠢᠨᠠᠨ ᠪᠤᠳᠤᠬᠤ ᠠᠯᠪᠠᠨ ᠭᠡᠷ᠃ ᠵᠠᠷᠤᠳᠠᠯ ᠤᠨ ᠣᠷᠣᠯᠭ᠎ᠠ ᠵᠠᠷᠤᠯᠭ᠎ᠠ᠂ | ᠡᠳ᠋ ᠤᠨ ᠶᠠᠪᠤᠳᠠᠯ ᠤᠨ ᠲᠥᠰᠥᠪ ᠪᠠ ᠲᠥᠰᠥᠪ ᠤᠨ ᠭᠦᠢᠴᠡᠳᠬᠡᠯ᠂ ᠳᠣᠲᠣᠭᠠᠳᠤ ᠶᠢᠨ ᠬᠢᠨᠠᠨ ᠪᠣᠳᠣᠯᠲᠠ᠂ ᠲᠤᠭ᠎ᠠ | ᠪᠦᠷᠢᠳᠬᠡᠯ᠂ ᠲᠣᠷᠭᠠᠬᠤ ᠲᠤᠰᠢᠶᠠᠬᠤ ᠶᠢ ᠰᠠᠯᠭᠠᠬᠤ ᠪᠠ ᠲᠣᠷᠭᠠᠵᠤ ᠬᠤᠷᠢᠶᠠᠭᠰᠠᠨ ᠫᠢᠶᠣᠣ ᠪᠠᠷᠢᠮᠲᠠ ᠶᠢ ᠬᠠᠮᠢᠶᠠᠷᠴᠤ | ᠬᠡᠷᠡᠭᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠬᠠᠷᠢᠭᠤᠴᠠᠯᠭᠠᠲᠠᠨ ᠄ ᠵᠧᠦ ᠱᠧᠩ ᠸᠧᠢ | ᠨᠢᠭᠡᠴᠢ ᠶᠢᠨ ᠬᠠᠶ᠋ᠢᠭ᠄ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠣᠲᠤᠭᠠᠳᠤ | ᠲᠣᠭᠤᠷᠢᠯ ᠤᠨ ᠬᠤᠶᠢᠲᠤ ᠵᠠᠮ ᠤᠨ ᠵᠡᠭᠦᠨ ᠬᠡᠰᠡᠭ ᠤᠨ ᠡᠮᠦᠨ᠎ᠡ ᠲᠠᠯ᠎ᠠ ᠶᠢᠨ ᠫᠢᠩᠵᠤᠸᠠᠩ ᠮᠠᠰᠢᠨ ᠲᠡᠷᠭᠡᠨ ᠤ | ᠰᠣᠶᠣᠯ ᠤᠨ ᠬᠤᠲᠠ ᠶᠢᠨ B ᠪᠦᠯᠬᠦᠮ ᠤᠨ C ᠬᠡᠰᠡᠭ ᠤᠨ ᠬᠤᠶᠠᠳᠤᠭᠠᠷ ᠳᠠᠪᠬᠤᠷᠯᠢᠭ᠂ ᠭᠤᠷᠪᠠᠳᠤᠭᠠᠷ | ᠳᠠᠪᠬᠤᠷᠯᠢᠭ ᠤᠨ ᠶᠡᠭᠡ ᠲᠢᠩᠬᠢᠮ | ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨᠡᠬᠢ 8᠄ 30 | ︱ 12᠄ 00᠂ ᠦᠳᠡ ᠶᠢᠨ ᠬᠤᠶᠢᠨᠠᠬᠢ 14᠄ 30 ︱ 17᠄ 00 | ᠬᠠᠷᠢᠯᠴᠠᠬᠤ ᠤᠲᠠᠰᠤ᠄ 0476-3509618 | ᠰᠢᠤᠳᠠᠨ ᠳ᠋ᠤᠭᠠᠷ᠄ 024076 | | | |