ᠶᠤᠸᠠᠨ ᠪᠦᠦ ᠱᠠᠨ ᠲᠣᠭᠤᠷᠢᠭ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠵᠢᠴᠢ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠰᠣᠯᠢᠯᠴᠠᠬᠤ ᠬᠤᠷᠠᠯ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/2
   
a1_副本.jpg
       ᠪᠣᠯᠪᠠᠰᠤᠨ ᠤ ᠦᠢᠯᠡᠳᠦᠯᠭᠡ ᠶᠢᠨ ᠴᠤᠭ ᠵᠢᠪᠬᠤᠭ᠎ᠠ ᠶᠢ ᠪᠠᠳᠠᠷᠠᠭᠤᠯᠵᠤ ᠪᠣᠯᠪᠠᠰᠤᠨ ᠪᠤᠤ ᠱᠠᠨ ᠤ ᠰᠢᠨ᠎ᠡ ᠬᠡᠪ ᠰᠤᠷᠲᠠᠯ ᠢ ᠪᠣᠢ ᠪᠣᠯᠭᠠᠶ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠨᠠᠷᠢᠯᠢᠭ ᠣᠨᠣᠪᠴᠢᠵᠢᠭᠤᠯᠬᠤ᠂ ᠪᠠᠶᠢᠩᠭᠤᠵᠢᠭᠤᠯᠬᠤ᠂ ᠨᠠᠷᠠᠲᠤ ᠲᠡᠮᠳᠡᠭᠵᠢᠭᠦᠯᠬᠦ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠤᠮᠳᠠᠬᠢ ᠰᠢᠨ᠎ᠡ ᠦᠢᠯᠡᠳᠦᠯᠭᠡ᠂ ᠰᠢᠨ᠎ᠡ ᠰᠦᠪᠡᠭᠴᠢᠯᠡᠯᠲᠡ᠂ ᠰᠢᠨ᠎ᠡ ᠦᠷ᠎ᠡ ᠪᠦᠲᠦᠮᠵᠢ ᠶᠢ ᠢᠯᠡᠷᠡᠭᠦᠯᠬᠦ ᠶᠢᠨ ᠲᠥᠯᠥᠭᠡ᠂ 8 ᠰᠠᠷ᠎ᠠ ᠶᠢᠨ 30᠎ ᠤ ᠡᠳᠦᠷ᠂ ᠮᠠᠨ ᠤ ᠲᠣᠭᠤᠷᠢᠭ 2024 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠵᠢᠴᠢ ᠪᠣᠯᠪᠠᠰᠤᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠰᠣᠯᠢᠯᠴᠠᠬᠤ ᠬᠤᠷᠠᠯ ᠢ ᠡᠷᠬᠢᠯᠡᠨ ᠶᠠᠪᠤᠭᠳᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤᠷᠤᠯᠳᠤᠭᠠᠨ ᠤ ᠲᠠᠯᠠᠪᠤᠷ ᠲᠤ ᠰᠠᠭᠠᠲᠠᠪᠠ᠃    ᠤᠷᠤᠯᠳᠤᠭᠠᠨ ᠤ ᠠᠬᠤᠢ ᠲᠠᠯᠠᠪᠤᠷ ᠲᠤ᠂ 17 ᠪᠣᠯᠪᠠᠰᠤᠨ ᠤ ᠥᠢᠯᠡᠳᠥᠯᠭᠡ ᠶᠢᠨ ᠲᠥᠷᠥᠯ ᠵᠥᠢᠯ ᠤᠨ ᠬᠠᠷᠢᠭᠤᠴᠠᠯᠭᠠᠲᠠᠨ PPT᠎ ᠶᠢᠨ ᠶᠠᠷᠢᠶ᠎ᠠ ᠢᠯᠡᠳᠬᠡᠯ ᠬᠢᠬᠦ᠂ ᠳᠥᠷᠰᠥ ᠰᠢᠩᠭᠡᠭᠡᠯᠲᠡ ᠪᠠᠷ ᠳᠡᠯᠭᠡᠨ ᠦᠵᠡᠭᠦᠯᠬᠦ᠂ ᠠᠬᠤᠢ ᠲᠠᠯᠠᠪᠤᠷ ᠲᠤ ᠨᠣᠮ ᠬᠠᠶᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠬᠤᠢ ᠲᠠᠯᠠᠪᠠᠶ ᠶᠢᠨ ᠬᠢᠨᠠᠭᠴᠢᠳ ᠪᠠ ᠵᠣᠴᠢᠳ ᠲᠤ ᠲᠥᠷᠥᠯ ᠵᠥᠢᠯ ᠤᠨ ᠡᠭᠦᠰᠦᠯ᠂ ᠵᠣᠷᠢᠯᠭ᠎ᠠ᠂ ᠬᠠᠮᠢᠶᠠᠷᠤᠯᠲᠠ᠂ ᠦᠷ᠎ᠡ ᠪᠦᠲᠦᠮᠵᠢ ᠪᠠ ᠨᠡᠶᠢᠭᠡᠮ ᠤᠨ ᠨᠥᠯᠥᠭᠡ ᠵᠡᠷᠭᠡ ᠠᠭᠤᠯᠭ᠎ᠠ ᠶᠢ ᠳᠡᠯᠭᠡᠨ ᠦᠵᠡᠭᠦᠯᠪᠡ᠃ ᠲᠤᠰᠬᠠᠶ ᠮᠡᠷᠭᠡᠵᠢᠯᠲᠡᠨ ᠬᠢᠨᠠᠭᠴᠢ ᠠᠴᠠ ᠠᠬᠤᠢ ᠲᠠᠯᠠᠪᠤᠷ ᠲᠤ ᠠᠰᠠᠭᠤᠯᠲᠠ ᠳᠤᠷᠠᠳᠤᠭᠰᠠᠨ ᠪᠥᠭᠡᠳ ᠲᠥᠷᠥᠯ ᠵᠦᠢᠯ ᠳᠤ ᠬᠤᠪᠢ ᠥᠭᠪᠡ᠃ ᠰᠢᠯᠢᠳᠡᠭ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠪᠣᠯᠤᠨ ᠬᠠᠷᠢᠭᠤᠴᠠᠯᠭᠠᠲᠠᠨ ᠤ ᠭᠤᠶᠢᠳᠠ ᠰᠠᠶᠢᠬᠠᠨ ᠲᠠᠶᠢᠯᠪᠤᠷᠢᠯᠠᠯᠲᠠ ᠨᠢ ᠠᠬᠤᠢ ᠲᠠᠯᠠᠪᠤᠷ ᠤᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃    ᠬᠤᠶᠠᠷ ᠴᠠᠭ ᠬᠠᠭᠠᠰ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠣᠰ ᠤᠳᠠᠭᠠᠨ ᠤ ᠤᠷᠤᠯᠳᠤᠭᠠᠨ ᠨᠢ ᠨᠢᠭᠡᠳᠦᠭᠡᠷ ᠳᠡᠰ ᠤᠨ ᠱᠠᠩᠨᠠᠯ ᠳᠤ ᠨᠢᠭᠡ ᠨᠡᠷ᠎ᠡ᠂ ᠬᠤᠶᠠᠳᠤᠭᠠᠷ ᠳᠡᠰ ᠤᠨ ᠱᠠᠩᠨᠠᠯ ᠳᠤ ᠬᠤᠶᠠᠷ ᠨᠡᠷᠡᠰ᠂ ᠭᠤᠷᠪᠠᠳᠤᠭᠠᠷ ᠳᠡᠰ ᠤᠨ ᠱᠠᠩᠨᠠᠯ ᠳᠤ ᠭᠤᠷᠪᠠᠨ ᠨᠡᠷᠡᠰ᠂ ᠰᠢᠯᠢᠳᠡᠭ ᠱᠠᠩᠨᠠᠯ ᠳᠤ ᠳᠥᠷᠪᠡᠨ ᠨᠡᠷᠡᠰ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠳᠤ ᠲᠤᠯᠤᠭᠠᠨ ᠨᠡᠷᠡᠰ ᠰᠢᠯᠭᠠᠷᠠᠭᠤᠯᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ 8 ᠰᠠᠷ᠎ᠠ ᠶᠢᠨ ᠳᠤᠮᠳᠠᠴᠢ ᠪᠠᠷ ᠡᠬᠢᠯᠡᠵᠦ᠂ ᠪᠥᠬᠦ ᠲᠣᠭᠤᠷᠢᠭ ᠤᠨ ᠡᠯ᠎ᠡ ᠭᠠᠵᠠᠷ ᠣᠷᠤᠨ ᠡᠯ᠎ᠡ ᠰᠠᠯᠠᠭ᠎ᠠ ᠮᠥᠴᠢᠷ ᠡᠯ᠎ᠡ ᠨᠡᠶᠢᠭᠡᠮᠯᠢᠭ 26 ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠵᠦ᠂ ᠬᠢᠨᠠᠨ ᠲᠣᠭᠲᠠᠭᠠᠬᠤ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠨᠡᠶᠢᠲᠡ 17 ᠣᠯᠠᠨ ᠲᠦᠮᠡᠨ ᠲᠠᠢ ᠣᠶᠢᠷᠠᠲᠤᠭᠰᠠᠨ᠂ ᠬᠠᠶᠢᠷ᠎ᠠ ᠬᠠᠯᠠᠮᠵᠢ ᠶᠢᠨ ᠥᠩᠭᠡ ᠪᠣᠳᠤᠭ ᠲᠠᠢ᠂ ᠬᠦᠷᠢᠶᠡᠯᠡᠯ ᠲᠠᠢ᠂ ᠦᠷᠭᠦᠯᠵᠢᠯᠡᠬᠦ᠋ᠢᠴᠡ ᠴᠢᠨᠠᠷ ᠲᠠᠢ ᠲᠥᠷᠥᠯ ᠵᠦᠢᠯ ᠲᠣᠰ ᠤᠳᠠᠭᠠᠨ ᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠪᠠ᠃    ᠲᠣᠰ ᠤᠳᠠᠭᠠᠨ ᠤ ᠤᠷᠤᠯᠳᠤᠭᠠᠨ ᠨᠢ ᠪᠥᠬᠦ ᠲᠣᠭᠤᠷᠢᠭ ᠤᠨ ᠰᠠᠶᠢᠨ ᠳᠤᠷ᠎ᠠ ᠶᠢᠨ ᠥᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠳᠡᠯᠭᠡᠨ ᠦᠵᠡᠭᠦᠯᠬᠦ᠂ ᠰᠣᠯᠢᠯᠴᠠᠬᠤ᠂ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠤᠨ ᠥᠭᠴᠦ᠂ ᠡᠯ᠎ᠡ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠥᠯᠭᠡ ᠶᠢᠨ ᠲᠥᠷᠥᠯ ᠵᠦᠢᠯ ᠤᠨ ᠥᠷ᠎ᠡ ᠪᠥᠲᠥᠭᠡᠯ ᠤᠨ ᠬᠡᠷᠡᠭᠵᠢᠭᠦᠯᠥᠯᠲᠡ ᠶᠢ ᠨᠢᠭᠡ ᠤᠳᠠᠭ᠎ᠠ ᠲᠥᠪᠯᠡᠷᠡᠭᠦᠯᠦᠨ ᠰᠢᠯᠭᠠᠨ ᠥᠵᠡᠭᠰᠡᠨ ᠢᠶᠠᠷ ᠪᠠᠷᠠᠬᠤ ᠥᠬᠡᠶ᠂ ᠪᠠᠰᠠ ᠴᠤ ᠰᠢᠯᠢᠳᠡᠭ ᠪᠣᠯᠪᠠᠰᠤᠨ ᠤ ᠥᠢᠯᠡᠳᠥᠯᠭᠡ ᠶᠢᠨ ᠲᠥᠷᠥᠯ ᠵᠦᠢᠯ ᠢ ᠪᠤᠶᠢᠵᠢᠭᠤᠯᠬᠤ ᠪᠠ ᠠᠭᠤᠳᠠᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠪᠣᠯᠪᠠᠰᠤᠨ ᠤ ᠦᠢᠯᠡᠳᠦᠯᠭᠡ ᠶᠢᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ ᠨᠡᠩ ᠤᠯᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠠᠬᠢᠭᠤᠯᠵᠤ᠂ ᠨᠡᠩ ᠤᠯᠠᠨ ᠨᠡᠶᠢᠭᠡᠮ ᠤᠨ ᠬᠦᠴᠦᠨ ᠪᠣᠯᠤᠨ ᠤᠯᠠᠨ ᠲᠦᠮᠡᠨ ᠢ ᠣᠷᠣᠯᠴᠠᠭᠤᠯᠵᠤ᠂ ᠪᠣᠯᠪᠠᠰᠤᠨ ᠤ ᠴᠡᠴᠡᠭ ᠢ ᠪᠣᠥ ᠱᠠᠨ ᠤ ᠭᠠᠵᠠᠷ ᠪᠣᠯᠭᠠᠨ ᠳᠤ ᠳᠡᠯᠭᠡᠷᠡᠭᠦᠯᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1