ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠎ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠥᠬᠦ ᠲᠤᠭᠤᠷᠢᠭ ᠤᠨ ᠮᠠᠯ ᠵᠢᠭᠦᠷᠲᠡᠨ ᠤ ᠲᠣᠭᠲᠠᠭᠰᠠᠨ ᠴᠡᠭ ᠲᠤ ᠨᠢᠲᠤᠯᠬᠤ ᠬᠠᠮᠢᠶᠠᠷᠤᠯᠲᠠ ᠶᠢᠨ ᠪᠠᠶᠢᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/23
    9 ᠰᠠᠷ᠎ᠠ ᠶᠢᠨ 20᠎ ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ᠂ ᠵᠢᠶᠠ ᠱᠣ᠋ ᠱᠦᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠎ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠥᠬᠦ ᠲᠤᠭᠤᠷᠢᠭ ᠤᠨ ᠮᠠᠯ ᠵᠢᠭᠦᠷᠲᠡᠨ ᠤ ᠲᠣᠭᠲᠠᠭᠰᠠᠨ ᠴᠡᠭ ᠲᠤ ᠨᠢᠲᠤᠯᠬᠤ ᠬᠠᠮᠢᠶᠠᠷᠤᠯᠲᠠ ᠶᠢᠨ ᠪᠠᠶᠢᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃
a1_副本.jpg
        ᠪᠠᠶᠢᠴᠠᠭᠠᠬᠤ ᠳᠤᠭᠤᠶᠢᠯᠠᠩ ᠤᠷᠢᠳ ᠬᠤᠵᠢᠳ ᠤᠯᠠᠭᠠᠨᠬᠠᠳᠠ ᠶᠢᠨ ᠬᠤᠥ ᠲᠠᠢ ᠮᠢᠬᠠᠨ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠥᠢ ᠱᠥᠢ ᠴᠢᠩ ᠱᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠼᠤᠤ ᠶᠤᠸᠠᠨ ᠹᠦ᠋ ᠮᠧᠢ ᠢᠳᠡᠭᠡᠨ ᠤ ᠬᠢᠵᠠᠭᠠᠷᠲᠤ ᠺᠣᠮᠫᠠᠨᠢ᠂ ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠶᠢᠯᠤᠮᠵᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠢᠵᠢᠭ ᠪᠠᠶᠢᠴᠠᠭᠠᠵᠤ ᠬᠢᠵᠢᠭ ᠢ ᠰᠡᠷᠭᠡᠶᠢᠯᠡᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠪᠠᠶᠢᠳᠠᠯ ᠢ ᠣᠶᠢᠯᠠᠭᠠᠪᠠ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠯᠢ ᠽᠦᠩ ᠮᠧᠩ ᠮᠠᠨ ᠤ ᠲᠤᠭᠤᠷᠢᠭ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠮᠠᠯ ᠵᠢᠭᠦᠷᠲᠡᠨ ᠤ ᠲᠣᠭᠲᠠᠭᠰᠠᠨ ᠴᠡᠭ ᠲᠤ ᠨᠢᠲᠤᠯᠬᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ︔ ᠬᠠᠮᠢᠶ᠎ᠠ ᠪᠦᠬᠦᠢ ᠨᠢᠭᠡᠴᠢ ᠵᠢᠴᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠮᠠᠨ ᠤ ᠲᠤᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠤᠨ ᠲᠤᠬᠠᠶ ᠭᠦᠢᠴᠡᠳ ᠰᠣᠯᠢᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠨᠢ ᠮᠠᠨ ᠤ ᠲᠤᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠳᠤ ᠨᠡᠯᠢᠶᠡᠳ ᠴᠢᠩᠭ᠎ᠠ ᠠᠬᠢᠭᠤᠯᠬᠤ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠮᠠᠯ ᠵᠢᠭᠦᠷᠲᠡᠨ ᠤ ᠲᠣᠭᠲᠠᠭᠰᠠᠨ ᠴᠡᠭ ᠲᠤ ᠨᠢᠲᠤᠯᠬᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠮᠠᠨ ᠤ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠮᠠᠨ ᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1