ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 25 ᠤ ᠴᠠᠭᠢᠯᠭᠠᠨ ᠮᠡᠳᠡᠭᠡ ᠣᠶᠢᠷ᠎ᠠ ᠳᠤ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠫᠦ᠋ ᠡᠯ ᠤᠨ ᠦᠨᠳᠦᠰᠦᠲᠡᠨ ᠤ ᠪᠦᠯᠬᠦᠮᠳᠡᠯ ᠤᠨ | ᠲᠠᠩᠭᠠᠷᠢᠭ ᠤᠨ ᠬᠥᠰᠢᠶ᠎ᠡ ᠳᠤ ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠳᠤ ᠬᠠᠷᠢᠭᠤ | ᠵᠠᠬᠢᠳᠠᠯ ᠢᠯᠡᠭᠡᠵᠦ᠂ ᠳᠣᠲᠣᠨᠣ ᠪᠠᠷ ᠵᠣᠷᠢᠭᠵᠢᠭᠤᠯᠬᠤ ᠶᠢᠨ ᠬᠠᠮᠲᠤ ᠳᠡᠳᠡᠨᠤᠰ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ | ᠳᠤᠷᠠᠳᠴᠠᠢ᠃ | ᠰᠢ ᠶᠢᠨ ᠫᠢᠩ᠂ 1951 ᠣᠨ ᠳᠤ ᠲᠠᠨ ᠤ ᠠᠬᠠᠮᠠᠳ ᠦᠶ᠎ᠡ ᠶᠢᠨ ᠬᠢᠨ ᠢ ᠪᠠᠭᠲᠠᠭᠠᠭᠰᠠᠨ | ᠦᠨᠳᠦᠰᠦᠲᠡᠨ ᠨᠦᠭᠦᠳ ᠤᠨ ᠲᠥᠯᠥᠭᠡᠯᠡᠭᠴᠢᠳ ᠬᠥᠰᠢᠶ᠎ᠡ ᠪᠣᠰᠬᠠᠨ ᠲᠠᠩᠭᠠᠷᠢᠭᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ | ᠨᠠᠮ ᠢᠶᠠᠨ ᠲᠠᠭᠠᠵᠤ ᠶᠠᠪᠤᠬᠤ ᠲᠠᠩᠭᠠᠷᠢᠭ ᠢᠶᠠᠨ ᠲᠥᠪ ᠴᠢᠩᠭ᠎ᠠ ᠪᠠᠷ ᠢᠯᠡᠳᠬᠡᠪᠡ᠃ 70 ᠭᠠᠷᠤᠢ ᠵᠢᠯ ᠤᠨ ᠲᠤᠷᠰᠢ᠂ | ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠰᠡᠳᠬᠢᠯ ᠢᠶᠠᠷ ᠨᠠᠮ ᠢᠶᠠᠨ ᠬᠦᠷᠢᠶᠡᠯᠡᠵᠦ᠂ ᠪᠦᠯᠬᠦᠮᠳᠡᠨ ᠲᠡᠮᠡᠴᠡᠵᠦ᠂ | ᠬᠢᠯᠢ ᠬᠢᠵᠠᠭᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ | ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠮᠢᠳᠤᠯᠢᠭ ᠬᠠᠭᠤᠳᠠᠰᠤ ᠶᠢ ᠪᠢᠴᠢᠭᠯᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠲᠠᠪᠢᠨ ᠵᠢᠷᠭᠤᠭᠠᠨ | ᠦᠨᠳᠦᠰᠦᠲᠡᠨ ᠪᠣᠯ ᠳᠠᠷᠤᠢ ᠬᠠᠷᠢᠯᠴᠠᠨ ᠬᠠᠶᠢᠷᠠᠯᠠᠵᠤ ᠬᠠᠯᠠᠮᠵᠢᠯᠠᠬᠤ ᠨᠢᠭᠡ ᠭᠡᠷ ᠤᠨ ᠬᠥᠮᠥᠨ ᠮᠥᠨ᠃ ᠲᠠ ᠨᠠᠷ ᠤᠨ | ᠠᠬᠠᠮᠠᠳ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠲᠠᠩᠭᠠᠷᠢᠭ ᠤᠨ ᠬᠥᠰᠢᠶ᠎ᠡ ᠶᠢᠨ ᠥᠯᠢᠭᠡᠷ ᠢ | ᠨᠠᠩ ᠰᠠᠶᠢᠲᠤᠷ ᠦᠷᠭᠦᠯᠵᠢᠯᠡᠨ ᠪᠢᠴᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠳᠠᠭᠤᠷᠢᠰᠬᠠᠯ ᠢ ᠦᠶ᠎ᠡ ᠶᠢᠨ | ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠡᠭᠡᠵᠢᠯᠡᠵᠦ᠂ ᠴᠢᠰᠤᠨ ᠳᠠᠭᠠᠨ ᠠᠭᠤᠰᠬᠠᠵᠤ᠂ ᠡᠬᠡ | ᠤᠯᠤᠰ ᠤᠨ ᠨᠤᠲᠤᠭ ᠳᠡᠪᠢᠰᠬᠡᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ | ᠪᠦᠲᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠤᠯᠠᠮ ᠪᠠᠳᠠᠷᠠᠨ ᠳᠡᠯᠭᠡᠷᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | 1950 ᠣᠨ ᠳᠤ ᠶᠦᠨᠨᠠᠨ ᠤ ᠫᠦ᠋ ᠡᠯ ᠲᠤᠰᠬᠠᠢ ᠣᠷᠣᠨ ᠤ ᠦᠨᠳᠦᠰᠦᠲᠡᠨ ᠨᠦᠭᠦᠳ ᠤᠨ ᠲᠥᠯᠥᠭᠡᠯᠡᠭᠴᠢᠳ | ᠤᠷᠢᠯᠭ᠎ᠠ ᠪᠠᠷ ᠪᠡᠭᠡᠵᠢᠩ ᠳᠤ ᠬᠦᠷᠴᠦ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠭᠡᠯᠡᠬᠦ | ᠠᠵᠢᠯᠯᠠᠭ᠎ᠠ ᠳᠤ ᠣᠷᠣᠯᠴᠠᠵᠤ᠂ ᠮᠠᠤ ᠽᠧ ᠳ᠋ᠦᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠳᠣᠲᠣᠨᠣ ᠪᠠᠷ | ᠭᠥᠯᠢᠶᠡᠨ ᠠᠪᠴᠤ ᠠᠭᠤᠯᠵᠠᠪᠠ᠃ 1951 ᠣᠨ ᠤ ᠰᠢᠨ᠎ᠡ ᠣᠨ ᠤ ᠰᠢᠨ᠎ᠡ ᠶᠢᠨ ᠨᠢᠭᠡᠨ ᠳᠤ᠂ ᠫᠦ᠋ ᠡᠯ ᠲᠤᠰᠬᠠᠢ | ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠲᠠᠩᠭᠠᠷᠢᠭᠯᠠᠬᠤ ᠶᠡᠭᠡ ᠬᠤᠷᠠᠯ ᠬᠢᠵᠦ᠂ ᠴᠥᠭᠡᠨ ᠲᠣᠭᠠᠲᠤ | ᠦᠨᠳᠦᠰᠦᠲᠡᠨ ᠤ ᠵᠠᠩ ᠳᠠᠳᠬᠠᠯ ᠢᠶᠠᠷ ᠲᠠᠩᠭᠠᠷᠢᠭ ᠤᠨ ᠬᠥᠰᠢᠶ᠎ᠡ ᠪᠣᠰᠬᠠᠵᠤ᠂ ︽ᠨᠢᠭᠡ ᠰᠡᠳᠬᠢᠯ ᠨᠢᠭᠡ ᠵᠣᠷᠢᠭ ᠢᠶᠠᠷ᠂ | ᠡᠴᠦᠰ ᠲᠤᠨᠢ ᠲᠤᠯᠲᠠᠯ᠎ᠠ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠷᠬᠡ | ᠲᠡᠭᠰᠢ ᠡᠷᠬᠡ ᠴᠢᠯᠦᠭᠡᠲᠡᠢ ᠵᠣᠯ ᠵᠢᠷᠭᠠᠯᠲᠤ ᠶᠡᠭᠡ ᠭᠡᠷ ᠪᠦᠯᠢ ᠶᠢ ᠪᠠᠶᠢᠭᠤᠯᠬᠤ ᠶᠢᠨ ᠲᠥᠯᠥᠭᠡ ᠲᠡᠮᠡᠴᠡᠨ᠎ᠡ︕︾ ᠭᠡᠵᠦ | ᠲᠠᠩᠭᠠᠷᠢᠭᠯᠠᠵᠤ ᠦᠨᠳᠦᠰᠦᠲᠡᠨ ᠨᠦᠭᠦᠳ ᠤᠨ 48 ᠲᠥᠯᠥᠭᠡᠯᠡᠭᠴᠢ ᠬᠥᠰᠢᠶᠡᠨ ᠳᠡᠭᠡᠷ᠎ᠡ ᠭᠠᠷ ᠤᠨ ᠦᠰᠦᠭ ᠵᠢᠷᠤᠪᠠ᠃ | ᠣᠶᠢᠷ᠎ᠠ ᠶᠢᠨ ᠡᠳᠦᠷ᠂ ᠫᠦ᠋ ᠡᠯ ᠤᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠥᠰᠢᠶ᠎ᠡ ᠳᠤ | ᠲᠠᠩᠭᠠᠷᠢᠭᠯᠠᠭᠰᠠᠳ ᠤᠨ ᠲᠥᠯᠥᠭᠡᠯᠡᠭᠴᠢᠳ ᠤᠨ ᠬᠤᠶᠢᠴᠢ ᠦᠶ᠎ᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ | ᠪᠢᠴᠢᠵᠦ᠂ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠳᠣᠣᠷ᠎ᠠ | ᠵᠣᠯ ᠵᠢᠷᠭᠠᠯ ᠲᠠᠢ ᠠᠮᠢᠳᠤᠷᠠᠵᠤ ᠪᠠᠶᠢᠭ᠎ᠠ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠩᠭᠠᠷᠢᠭ ᠢᠶᠠᠨ ᠪᠠᠲᠤ ᠴᠡᠭᠡᠵᠢᠯᠡᠵᠦ | ᠨᠠᠮ ᠢᠶᠠᠨ ᠲᠠᠭᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠬᠥᠭᠵᠢᠯ ᠴᠡᠴᠡᠭᠯᠡᠯ ᠳᠤ ᠬᠦᠴᠦᠨ | ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠭᠡᠪᠡ᠃ | |