ᠪᠦᠦ ᠱᠠᠨ ᠱᠢ ᠵᠢᠶᠠ ᠨᠡᠶᠢᠭᠡᠮ ᠲᠣᠭᠤᠷᠢᠭ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠢᠷᠢᠰ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/9/3
    ᠣᠶᠢᠷ᠎ᠠ ᠳᠤ᠂ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠪᠦᠦ ᠱᠠᠨ ᠱᠢ ᠵᠢᠶᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠰᠢᠷᠢᠰ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠣᠯᠠᠨ ᠲᠥᠮᠡᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠪᠠ᠃
a1_副本.jpg
        ᠬᠥᠳᠡᠯᠭᠡᠭᠡᠨ ᠤ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠢ ᠳᠠᠭᠠᠭᠤᠯᠤᠨ ᠶᠠᠭᠤ ᠶᠢ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠭᠡᠬᠦ᠂ ᠬᠠᠤᠯᠢ ᠪᠤᠰᠤ ᠬᠡᠪᠯᠡᠭᠳᠡᠬᠦᠨ ᠢ ᠬᠡᠷᠬᠢᠨ ᠢᠯᠭᠠᠨ ᠲᠠᠨᠢᠬᠤ ᠵᠢᠴᠢ ᠰᠠᠭᠤᠭᠠᠯᠢ ᠠᠷᠠᠳ ᠬᠡᠷᠬᠢᠨ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠥᠳᠡᠯᠭᠡᠭᠡᠨ ᠳᠤ ᠣᠷᠣᠯᠴᠠᠬᠤ ᠵᠡᠷᠭᠡ ᠮᠡᠳᠡᠯᠭᠡ ᠶᠢ ᠰᠤᠷᠤᠯᠴᠠᠵᠤ᠂ ᠤᠯᠠᠨ ᠢᠶᠠᠷ ᠢᠶᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠵᠤ᠂ ᠬᠠᠤᠯᠢ ᠪᠤᠰᠤ ᠳᠠᠭᠤᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠨᠣᠮ ᠰᠡᠳᠬᠦᠯ᠂ ᠰᠦᠯᠵᠢᠶᠡᠨ ᠤ ᠱᠠᠯᠢᠭ ᠵᠠᠪᠬᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠬᠤᠷᠢᠭᠯᠠᠵᠤ᠂ ᠨᠡᠶᠢᠭᠡᠮ ᠤᠨ ᠣᠷᠴᠢᠨ ᠲᠣᠭᠤᠷᠢᠨ ᠢ ᠴᠡᠪᠡᠷᠰᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠡᠷᠭᠦᠬᠦ ᠶᠢ ᠰᠠᠨᠠᠭᠠᠴᠢᠯᠠᠪᠠ᠃    ᠳᠠᠷᠠᠭ᠎ᠠ ᠳᠤᠨᠢ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠤᠣᠯ ᠬᠥᠳᠡᠯᠭᠡᠭᠡᠨ ᠤ ᠲᠠᠯᠠᠪᠤᠷ ᠲᠤ ᠭᠦᠨᠵᠡᠭᠡᠶᠢᠷᠡᠵᠦ᠂ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠢᠨᠠᠯᠲᠠ ᠪᠠᠶᠢᠴᠠᠭᠠᠯᠲᠠ ᠥᠷᠨᠢᠭᠦᠯᠵᠦ᠂ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢ ᠢᠳᠡᠪᠬᠢᠲᠡᠢ ᠤᠬᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠎ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠤᠬᠠᠮᠰᠠᠷ ᠠᠴᠠ ᠪᠠᠨ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠡᠮᠡᠴᠡᠯ ᠥᠷᠨᠢᠭᠦᠯᠵᠦ᠂ ᠬᠠᠤᠯᠢ ᠪᠤᠰᠤ ᠬᠥᠳᠡᠯᠭᠡᠭᠡᠨ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠪᠠ᠃
a2_副本.jpg
        ᠲᠣᠰ ᠤᠳᠠᠭᠠᠨ ᠤ ᠤᠬᠠᠭᠤᠯᠭ᠎ᠠ ᠶᠢᠨ ᠬᠥᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠢᠳᠡᠪᠬᠢᠲᠡᠶ ᠲᠥᠯᠬᠢᠨ ᠠᠬᠢᠭᠤᠯᠬᠤ ᠦᠢᠯᠡᠳᠦᠯ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠪᠦᠦ ᠱᠠᠨ ᠱᠢ ᠵᠢᠶᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠱᠠᠯᠢᠭ ᠵᠠᠪᠬᠠᠢ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠳᠠᠭᠠᠨ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1