ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 2᠎ ᠤᠨ ᠡᠳᠦᠷ ᠠᠴᠠ ᠡᠬᠢᠯᠡᠨ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠨᠠᠮᠤᠷ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
a1_副本.jpg
        ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠬᠤ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠬᠤᠭᠤᠯᠠᠨ ᠭᠡᠷ ᠤᠨ ᠬᠠᠶᠠᠭᠳᠠᠮᠠᠯ ᠪᠣᠳᠠᠰ ᠢ ᠰᠢᠢᠳᠪᠥᠷᠢᠯᠡᠬᠦ᠂ ᠬᠤᠭᠤᠯᠠᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠴᠤ ᠰᠢᠯᠭᠠᠨ ᠠᠪᠬᠤ ᠵᠢᠴᠢ ᠬᠠᠳᠠᠭᠠᠯᠠᠬᠤ᠂ ︽ᠢᠨᠲ᠋ᠧᠷ ᠰᠦᠯᠵᠢᠶᠡᠨ + ᠢᠯᠡ ᠲᠣᠭᠤᠭᠠᠨ ᠭᠡᠷ︾᠎ ᠤᠨ ᠣᠶᠤᠨᠴᠢ ᠬᠢᠨᠠᠯᠲᠠ ᠬᠠᠮᠢᠶᠠᠷᠤᠯᠲᠠ᠂ ︽ᠭᠤᠷᠪᠠ ᠶᠢ ᠰᠡᠷᠭᠡᠶᠢᠯᠡᠬᠦ︾ ᠪᠡᠯᠡᠳᠬᠡᠮᠵᠢ ᠶᠢᠨ ᠠᠵᠢᠯᠯᠠᠭᠠᠨ ᠵᠡᠷᠭᠡ ᠪᠠᠶᠢᠳᠠᠯ ᠳᠤ ᠨᠠᠷᠢᠯᠢᠭ ᠪᠠᠶᠢᠴᠠᠭᠠᠯᠲᠠ ᠬᠢᠵᠦ᠂ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠭᠡᠷ ᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾᠎ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠳᠠᠭᠠᠯᠠᠵᠤ ᠪᠠᠶᠢᠭ᠎ᠠ ᠢᠳᠡᠭᠡᠨ᠂ ᠢᠳᠡᠭᠡᠨ ᠤ ᠨᠡᠮᠡᠯᠲᠡ ᠡᠳ᠋᠂ ᠢᠳᠡᠭᠡᠨ ᠤ ᠬᠠᠮᠢᠶᠠᠲᠠᠢ ᠥᠢᠯᠡᠳᠬᠦᠨ ᠢ ᠪᠠᠶᠢᠴᠠᠭᠠᠵᠤ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠨᠢ ᠬᠤᠪᠢᠷᠠᠭᠰᠠᠨ ᠵᠡᠷᠭᠡ ᠬᠢᠷᠢ ᠲᠡᠩᠴᠡᠬᠦ ᠦᠭᠡᠶ ᠢᠳᠡᠭᠡᠨ ᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠲᠦᠬᠦᠬᠡᠢ ᠢᠳᠡᠭᠡᠨ᠂ ᠪᠣᠯᠭᠤᠭᠰᠠᠨ ᠢᠳᠡᠭᠡᠨ᠂ ᠭᠥᠢᠴᠡᠳ ᠡᠳ᠋ᠰᠢᠭᠦᠯᠥᠭᠰᠡᠨ ᠵᠥᠢᠯ ᠪᠣᠯᠤᠨ ᠬᠠᠭᠠᠰ ᠡᠳ᠋ᠰᠢᠭᠦᠯᠥᠭᠰᠡᠨ ᠵᠥᠢᠯ ᠢ ᠡᠷᠬᠡᠪᠰᠢ ᠰᠠᠯᠭᠠᠨ ᠬᠠᠳᠠᠭᠠᠯᠠᠵᠤ᠂ ᠰᠡᠷᠢᠭᠦᠨ ᠬᠠᠳᠠᠭᠠᠯᠠᠬᠤ ᠪᠣᠯᠤᠨ ᠬᠥᠯᠳᠡᠭᠡᠬᠦ ᠳᠤᠯᠠᠭᠠᠨ ᠤ ᠬᠡᠮᠵᠢᠶ᠎ᠡ ᠶᠢ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠬᠤᠭᠤᠯᠠ ᠪᠦᠷᠢ ᠶᠢᠨ ᠥᠯᠢᠭᠡᠷ ᠶᠠᠩᠵᠤ ᠥᠯᠡᠳᠡᠭᠡᠬᠦ ᠵᠢᠴᠢ ᠲᠡᠮᠳᠡᠭᠯᠡᠯ ᠢ ᠰᠠᠶᠢᠲᠤᠷ ᠬᠢᠬᠦ ᠶᠢ ᠰᠢᠪᠠᠳᠠᠪᠠ︔ ᠡᠭᠦᠨ ᠤ ᠬᠠᠮᠲᠤ ᠰᠤᠷᠭᠠᠭᠤᠯᠢ ᠂ ᠬᠡᠤᠬᠡᠳ ᠤᠨ ᠴᠡᠴᠡᠷᠯᠢᠭ ᠢ ᠠᠵᠢᠯᠯᠠᠭᠰᠠᠳ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯᠯᠠᠭᠰᠠᠳ ᠤᠨ ᠡᠷᠡᠭᠦᠯ ᠮᠡᠨᠳᠦ ᠶᠢᠨ ᠲᠠᠩᠰᠠ ᠪᠠᠶᠢᠭᠤᠯᠵᠤ᠂ ᠠᠵᠢᠯᠯᠠᠭᠰᠠᠳ ᠢ ᠬᠠᠮᠢᠶ᠎ᠠ ᠪᠥᠬᠦᠶ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠳᠤ ᠣᠷᠤᠯᠴᠠᠭᠤᠯᠬᠤ ᠶᠢᠨ ᠬᠠᠮᠲᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠵᠤ᠂ ᠬᠤᠭᠤᠯᠠ ᠴᠢᠨᠠᠬᠤ ᠦᠶ᠎ᠡ ᠳᠤ ᠡᠷᠬᠡᠪᠰᠢ ᠭᠥᠢᠴᠡᠳ ᠪᠣᠯᠭᠤᠵᠤ᠂ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
a2_副本.jpg
        ᠣᠲᠣ ᠪᠣᠯᠲᠠᠯ᠎ᠠ᠂ ᠲᠣᠰ ᠲᠣᠪᠴᠢᠶ᠎ᠠ ᠨᠡᠶᠢᠲᠡ 21 ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠤᠭᠤᠯᠠᠨ ᠬᠡᠷ ᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠵᠢᠷᠤᠮᠵᠢᠭᠤᠯᠤᠨ ᠵᠢᠯᠣᠭᠤᠳᠴᠤ᠂ ᠨᠢᠭᠡᠨᠲᠡ ᠲᠤᠬᠠᠢ ᠶᠢᠨ ᠲᠠᠯᠠᠪᠤᠷ ᠲᠤ ᠬᠤᠯᠪᠣᠭᠳᠠᠯ ᠪᠥᠬᠦᠶ ᠨᠢᠭᠡᠴᠢ ᠶᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠭᠦᠨᠵᠡᠭᠡᠶ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠤᠭᠤᠯᠠᠨ ᠬᠡᠷ ᠤᠨ ᠡᠵᠡᠩᠨᠡᠯᠲᠡ ᠶᠢᠨ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1