︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠡᠵᠡᠮᠳᠡᠯ ᠤᠨ ᠴᠢᠨᠠᠷᠲᠠᠶ | ᠨᠠᠷᠢᠯᠢᠭ ᠲᠥᠯᠥᠪᠵᠢᠭᠦᠯᠭᠡ ᠶᠢ ᠲᠣᠭᠲᠠᠭᠠᠬᠤ ᠠᠵᠢᠯ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ | ᠲᠣᠪᠴᠢᠶ᠎ᠠ ︽ᠶᠤᠸᠠᠨ ᠪᠦᠦ ᠱᠠᠨ ᠪᠠᠯᠭᠠᠰᠤᠨ ᠤ ᠮᠠ ᠵᠢᠶᠠ ᠽᠢ ᠲᠣᠰᠬᠤᠨ ᠤ ᠬᠡᠰᠡᠭ ᠭᠠᠵᠠᠷ ᠤᠨ ᠡᠵᠡᠮᠳᠡᠯ ᠤᠨ | ᠴᠢᠨᠠᠷᠲᠠᠶ ᠨᠠᠷᠢᠯᠢᠭ ᠲᠥᠯᠥᠪᠵᠢᠭᠦᠯᠭᠡ︾ ᠶᠢᠨ ᠦᠷ᠎ᠡ ᠪᠦᠲᠦᠭᠡᠯ ᠢ ᠵᠠᠷᠯᠠᠨ ᠨᠡᠶᠢᠲᠡᠯᠡᠨ᠎ᠡ᠃ | ᠲᠤᠰ ᠡᠵᠡᠮᠳᠡᠯ ᠤᠨ ᠴᠢᠨᠠᠷᠲᠠᠢ ᠨᠠᠷᠢᠯᠢᠭ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠤᠯᠠᠭᠠᠨᠬᠠᠳᠠ | ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠶᠤᠸᠠᠨ ᠪᠦᠦ ᠱᠠᠨ ᠪᠠᠯᠭᠠᠰᠤᠨ ᠤ ᠮᠠ ᠵᠢᠶᠠ ᠽᠢ ᠲᠣᠰᠬᠤᠨ ᠳᠤ | ᠪᠠᠶᠢᠷᠢᠯᠠᠵᠤ ᠪᠣᠢ᠃ | ᠲᠣᠰ ᠲᠥᠯᠥᠪᠵᠢᠭᠦᠯᠭᠡ ᠨᠢ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠯᠤᠰ ᠤᠨ | ᠭᠠᠵᠠᠷ ᠰᠢᠷᠣᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021-2035 ᠣᠨ︶︾ ᠪᠠᠷ | ᠦᠨᠳᠦᠰᠦᠯᠡᠯ ᠪᠣᠯᠭᠠᠪᠠ᠃ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠪᠴᠢᠶ᠎ᠡ ᠨᠢ 7.2534 | ᠾᠧᠺᠲ᠋ᠠᠷ᠂ ᠲᠥᠯᠥᠪᠵᠢᠭᠦᠯᠭᠡ ᠶᠢᠨ ᠭᠠᠵᠠᠷ ᠬᠡᠷᠡᠭᠯᠡᠬᠦ ᠰᠢᠨᠵᠢ ᠴᠢᠨᠠᠷ ᠨᠢ ᠴᠠᠬᠢᠯᠭᠠᠨ ᠬᠡᠷᠡᠭᠯᠡᠬᠦ ᠭᠠᠵᠠᠷ᠂ | ᠪᠠᠭᠲᠠᠭᠠᠮᠵᠢ ᠶᠢᠨ ᠨᠣᠷᠮ᠎ᠠ ᠨᠢ 0.3 ᠠᠴᠠ ᠶᠡᠭᠡ ᠪᠢᠰᠢ᠂ ᠪᠠᠷᠢᠯᠭ᠎ᠠ ᠶᠢᠨ ᠨᠢᠭᠲᠠᠴᠠ ᠨᠢ 30% ᠠᠴᠠ ᠶᠡᠭᠡ ᠪᠢᠰᠢ᠂ | ᠪᠠᠷᠢᠯᠭ᠎ᠠ ᠶᠢᠨ ᠥᠨᠳᠥᠷ ᠤᠨ ᠬᠡᠮᠵᠢᠶ᠎ᠡ ᠶᠢ 8 ᠮᠧᠳ᠋ᠷ ᠢᠶᠠᠷ ᠬᠢᠵᠠᠭᠠᠷᠯᠠᠪᠠ᠃ | ᠵᠠᠷᠯᠠᠨ ᠨᠡᠶᠢᠲᠡᠯᠡᠬᠦ ᠬᠤᠭᠤᠴᠠᠭ᠎ᠠ 30 ᠡᠳᠦᠷ᠂ ᠬᠡᠷᠪᠡ ᠰᠠᠨᠠᠯ ᠰᠠᠨᠠᠭᠤᠯᠭ᠎ᠠ ᠪᠠᠶᠢᠪᠠᠯ ᠤᠯᠠᠭᠠᠨᠬᠠᠳᠠ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠶᠤᠸᠠᠨ ᠪᠦᠦ ᠱᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠲᠠᠢ ᠬᠠᠷᠢᠯᠴᠠᠭᠠᠷᠠᠢ᠃ | ᠤᠲᠠᠰᠤ᠄ 0476 - 3509923 | ᠬᠠᠶ᠋ᠢᠭ᠄ ᠫᠢᠩᠵᠤᠸᠠᠩ ᠤᠨ ᠬᠤᠲᠠ ᠶᠢᠨ ᠲᠣᠭᠤᠷᠢᠭ ᠤᠨ ᠬᠠ ᠾᠧ ᠵᠡᠭᠡᠯᠢ ᠶᠢᠨ ᠵᠡᠭᠦᠨ ᠬᠡᠰᠡᠭ ᠤᠨ ᠡᠮᠦᠨ᠎ᠡ | ᠲᠠᠯ᠎ᠠ | | ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ | ᠤ ᠶᠤᠸᠠᠨ ᠪᠤᠤ ᠱᠠᠨ ᠲᠣᠭᠤᠷᠢᠭ ᠤᠨ ᠬᠤᠪᠢᠶᠠᠷᠢ ᠲᠣᠪᠴᠢᠶ᠎ᠠ | 2024 ᠣᠨ ᠤ 9 ᠰᠠᠷ᠎ᠠ ᠶᠢᠨ 9 ᠤ ᠡᠳᠦᠷ | |