ᠶᠤᠸᠠᠨ ᠪᠤᠤ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/12
    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠲᠦᠢᠮᠣ ᠪᠠᠶᠢᠳᠠᠯ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠣᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠦᠨ᠂ ᠵᠢᠩᠬᠢᠨᠢ ᠰᠠᠯᠠᠭᠠᠨ ᠲᠠᠰ ᠪᠠᠶᠢᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠫᠠᠶᠢᠰᠠ ᠶᠢ ᠡᠯᠭᠦᠳᠡᠭ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 13 ᠬᠥᠮᠦᠨ᠃ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠨᠢ 5 ᠬᠥᠮᠥᠨ ︵1 ᠵᠢᠩᠬᠢᠨᠢ 4 ᠳᠡᠳ᠋︶ ᠪᠠᠶᠢᠵᠤ᠂ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 4 ᠬᠥᠮᠥᠨ ᠲᠣᠬᠢᠷᠠᠭᠤᠯᠪᠠ᠃    ᠬᠠᠷᠢᠭᠤᠴᠠᠯᠭᠠᠲᠠᠨ᠄ ᠸᠠᠩ ᠭᠦᠸᠧ ᠸᠧᠨ    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30᠎ ᠠᠴᠠ 12 ᠄ 00᠂ ᠦᠳᠡ ᠶᠢᠨ ᠬᠤᠶᠢᠨ᠎ᠠ 2᠄ 40᠎ ᠠᠴᠠ 5᠄ 00    ᠨᠢᠭᠡᠴᠢ ᠶᠢᠨ ᠬᠠᠶ᠋ᠢᠭ᠄ ᠫᠢᠩᠵᠤᠸᠠᠩ ᠪᠠᠯᠭᠠᠰᠤᠨ ᠤ ᠬᠠ ᠾᠧ ᠵᠡᠭᠡᠯᠢ ᠶᠢᠨ ᠵᠡᠭᠦᠨ ᠬᠡᠰᠡᠭ    ᠬᠠᠷᠢᠯᠴᠠᠬᠤ ᠤᠲᠠᠰᠤ᠄ 0476 - 3509116    ᠰᠢᠦᠳᠠᠨ ᠨᠣᠮᠧᠷ᠄ 024076    ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ᠂ ᠰᠣᠶᠣᠯ ᠤᠨ ᠪᠠᠶᠢᠭᠤᠯᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠺᠠᠳ᠋ᠷ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ ᠡᠳ᠋ ᠬᠥᠷᠥᠩᠭᠡ᠂ ᠳᠣᠲᠣᠭᠠᠳᠤ ᠶᠢᠨ ᠬᠢᠨᠠᠨ ᠪᠤᠳᠤᠯᠲᠠ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠪᠠ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ ᠣᠨᠴᠠ ᠲᠥᠷᠥᠯ ᠤᠨ ᠠᠵᠢᠯᠯᠠᠭᠴᠢ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠨᠢᠭᠡᠳᠦᠯᠲᠡᠶ ᠲᠥᠯᠥᠪᠯᠡᠨ ᠬᠢᠨᠠᠯᠲᠠ ᠲᠠᠯᠪᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠠᠷᠢᠭᠤᠴᠠᠨ ᠬᠠᠮᠢᠶᠠᠷᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠶᠢᠨ ᠠᠵᠢᠯ ᠢ ᠬᠠᠷᠢᠭᠤᠴᠠᠨ᠎ᠠ᠃    ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ᠃ ᠪᠥᠬᠦ ᠲᠣᠭᠤᠷᠢᠭ ᠤᠨ ᠠᠶᠤᠯᠭᠦᠢ ᠥᠢᠯᠡᠳᠪᠥᠷᠢᠯᠡᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠴᠢᠨᠠᠷᠲᠠᠶ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠤᠯᠢ ᠲᠦᠷᠢᠮ ᠤᠨ ᠪᠠᠶᠢᠭᠤᠯᠤᠯᠲᠠ ᠪᠠ ᠬᠠᠮᠢᠶ᠎ᠠ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠶᠢ ᠵᠣᠬᠢᠶᠠᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠣᠯᠤᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠶᠠᠨ ᠭᠥᠢᠴᠡᠳᠬᠡᠬᠦ ᠪᠠ ᠦᠨᠡᠮᠯᠡᠯ ᠣᠯᠭᠤᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠢ ᠵᠢᠷᠤᠮᠵᠢᠭᠤᠯᠤᠨ ᠭᠥᠢᠴᠡᠳᠬᠡᠬᠦ ᠴᠤᠪᠤᠷᠠᠯ ᠢ ᠲᠤᠭᠤᠷᠪᠢᠨ ᠲᠣᠭᠲᠠᠭᠠᠨ᠎ᠠ᠃ ᠬᠠᠮᠢᠶ᠎ᠠ ᠪᠦᠬᠦᠢ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠥᠷᠢᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠳᠡᠯ ᠢ ᠪᠠᠶᠢᠴᠠᠭᠠᠨ ᠰᠢᠢᠳᠪᠥᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠠᠮᠤᠷ ᠲᠦᠪᠰᠢᠨ ᠤ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠪᠠ ᠵᠣᠬᠢᠶᠠᠨ ᠪᠠᠶᠢᠭᠤᠯᠵᠤ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃    ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ ᠲᠣᠬᠢᠷᠠᠭᠤᠯᠬᠤ ᠲᠠᠰᠤᠭ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠎ᠡ᠃ ᠡ᠊ᠨᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠣᠢ ᠰᠢᠭᠤᠶ ᠶᠢᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢ ᠵᠣᠯᠭᠠᠯᠳᠤᠭᠤᠯᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠦᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠤᠷᠪᠢᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠢᠯᠣᠭᠤᠳᠤᠨ ᠬᠢᠨᠠᠯᠲᠠ ᠲᠠᠯᠪᠢᠬᠤ ᠪᠠ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠡᠩ ᠤᠨ ᠡ᠊ᠨᠳᠡᠯ ᠢ ᠠᠷᠭᠠᠴᠠᠭᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ ᠶᠢᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠬᠠᠮᠢᠶᠠᠷᠤᠯᠲᠠ ᠪᠠᠲᠤᠯᠠᠭ᠎ᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠴᠤ᠂ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠡᠳ᠋ ᠪᠣᠳᠠᠰ ᠨᠥᠭᠡᠴᠡᠯᠡᠬᠦ ᠠᠵᠢᠯ ᠢ ᠵᠢᠯᠣᠭᠤᠳᠤᠨ ᠨᠠᠶᠢᠳᠠᠪᠤᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠣᠯᠤᠨ ᠪᠠᠶᠢᠷᠢᠰᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠪᠴᠠᠩ ᠤᠨ ᠬᠠᠮᠢᠶᠠᠷᠤᠯᠲᠠ᠂ ᠠᠵᠢᠯᠯᠠᠭᠠᠨ᠂ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ᠂ ᠡᠯ᠎ᠡ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠡᠯ᠎ᠡ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃    ︵ᠲᠦᠷᠪᠡ︶ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠪᠠ ᠭᠠᠮᠰᠢᠭ ᠠᠴᠠ ᠠᠪᠤᠷᠠᠬᠤ ᠲᠠᠰᠤᠭ᠃ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠲᠣᠭᠤᠷᠢᠭ ᠤᠨ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠨᠡᠮᠡᠷᠢ ᠬᠠᠨᠲᠢᠪ ᠬᠥᠷᠭᠡᠬᠦ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠬᠤᠯᠠ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠤᠷᠬᠠᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠣ ᠡᠪᠳᠡᠭᠳᠡᠭᠰᠡᠨ ᠬᠡᠷ ᠪᠠᠶᠢᠰᠢᠩ ᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠠᠪᠤᠷᠠᠨ ᠲᠤᠰᠠᠯᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠬᠦᠨᠳᠦ ᠶᠡᠭᠡ ᠠᠶᠤᠯᠭᠦᠢ ᠥᠢᠯᠡᠳᠪᠥᠷᠢᠯᠡᠯ ᠤᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠤᠨ᠎ᠠ᠃ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠵᠤ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠩ ᠤᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠡᠯ᠎ᠡ ᠪᠠᠯᠭᠠᠰᠤ ᠰᠢᠶᠠᠩ ᠵᠡᠭᠡᠯᠢ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠬᠤᠲᠠ ᠬᠥᠳᠡᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠵᠢᠴᠢ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠪᠣᠲᠠᠲᠠᠢ ᠠᠵᠢᠯ ᠢ ᠵᠢᠯᠤᠭᠤᠳᠤᠨ ᠵᠣᠬᠢᠴᠠᠭᠤᠯᠤᠨ᠎ᠠ᠃ ᠦᠶᠡᠷ ᠭᠠᠩ ᠬᠠᠭᠰᠠᠷᠠᠭᠠᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠢ ᠵᠣᠬᠢᠴᠠᠭᠤᠯᠤᠨ ᠵᠢᠯᠣᠭᠤᠳᠴᠤ ᠪᠠᠶᠢᠭᠠᠳ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠵᠠᠶᠢᠯᠠᠬᠤ ᠲᠥᠬᠦᠭᠡᠷᠦᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠥᠷᠢᠨᠰᠢᠭᠦᠯᠥᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠲᠣᠭᠤᠷᠢᠭ ᠤᠨ ᠲᠡᠰ ᠤᠨ ᠬᠤᠯᠪᠣᠭᠳᠠᠯ ᠪᠦᠬᠦᠢ ᠬᠠᠮᠲᠤᠷᠠᠯᠴᠠᠭ᠎ᠠ ᠪᠣᠯᠤᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠣᠭᠤᠷᠢᠭ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠣᠭᠤᠳᠬᠤ ᠭᠠᠵᠠᠷ ᠤᠨ ᠠᠯᠪᠠᠨ ᠭᠡᠷ᠂ ᠲᠣᠭᠤᠷᠢᠭ ᠤᠨ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ᠂ ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ ᠲᠠᠪᠤ︶᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠪᠦᠬᠦ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠤᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠨ ᠲᠣᠷᠭᠠᠵᠤ ᠰᠢᠢᠳᠪᠥᠷᠢᠯᠡᠨ᠎ᠡ᠃ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠵᠤ᠂ ᠡᠮ ᠤᠨ ᠲᠥᠷᠥᠯ ᠤᠨ ᠪᠤᠰᠤ ᠬᠤᠤᠷᠲᠤ ᠬᠢᠮᠢ ᠶᠢᠨ ᠪᠣᠳᠠᠰ ᠤᠨ ᠥᠢᠯᠡᠳᠪᠥᠷᠢᠯᠡᠯ ᠡᠵᠡᠩᠨᠡᠯᠲᠡ ᠳᠤ ᠬᠢᠨᠠᠯᠲᠠ ᠲᠠᠯᠪᠢᠨ ᠬᠠᠮᠢᠶᠠᠷᠬᠤ ᠶᠢ ᠵᠢᠯᠣᠭᠤᠳᠴᠤ᠂ ᠭᠤᠷᠪᠠᠳᠤᠭᠠᠷ ᠲᠥᠷᠥᠯ ᠤᠨ ᠡᠮ ᠤᠨ ᠲᠥᠷᠥᠯ ᠤᠨ ᠪᠤᠰᠤ ᠠᠮᠠᠷᠬᠠᠨ ᠬᠤᠤᠷᠲᠤ ᠡᠳ᠋ ᠡᠭᠦᠰᠬᠦ ᠬᠢᠮᠢ ᠶᠢᠨ ᠪᠣᠳᠠᠰ ᠢ ᠡᠵᠡᠩᠨᠡᠵᠦ ᠳᠠᠩᠰᠠᠯᠠᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠤᠯᠭᠦᠢ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠲᠣᠭᠲᠠᠭᠠᠯ ᠤᠨ ᠡᠷᠬᠡ ᠮᠡᠳᠡᠯ ᠢᠶᠠᠷ ᠬᠠᠮᠢᠶ᠎ᠠ ᠪᠥᠬᠦᠶ ᠠᠵᠢᠯ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠨᠥᠬᠦᠴᠡᠯ ᠢ ᠬᠢᠨᠠᠨ ᠪᠠᠶᠢᠴᠠᠭᠠᠬᠤ᠂ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠠᠮᠤᠷ ᠲᠦᠪᠰᠢᠨ ᠤ ᠪᠡᠯᠡᠳᠬᠡᠮᠵᠢ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ ᠬᠠᠷᠭᠤᠭᠤᠯᠤᠨ ᠪᠠᠶᠢᠴᠠᠭᠠᠬᠤ ᠪᠠ ᠬᠠᠮᠢᠶ᠎ᠠ ᠪᠥᠬᠦᠶ ᠠᠵᠢᠯ ᠲᠥᠷᠥᠯ ᠤᠨ ᠵᠥᠪᠰᠢᠶᠡᠷᠡᠯ ᠢ ᠬᠢᠨᠠᠨ ᠪᠠᠶᠢᠴᠠᠭᠠᠬᠤ᠂ ᠬᠢᠨᠠᠨ ᠵᠥᠪᠰᠢᠶᠡᠷᠡᠬᠦ ᠠᠵᠢᠯ ᠢ ᠡᠭᠦᠷᠭᠡᠯᠡᠨ᠎ᠡ᠃ ᠠᠶᠤᠯᠲᠠᠢ ᠬᠢᠮᠢ ᠶᠢᠨ ᠡᠳ᠋ ᠦᠢᠯᠡᠳᠪᠦᠷᠢᠯᠡᠬᠦ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠥᠷᠢᠯᠡᠬᠦ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠠᠵᠤ ᠥᠢᠯᠡᠳᠪᠥᠷᠢ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠪᠦᠬᠦ ᠲᠣᠭᠤᠷᠢᠭ ᠤᠨ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠲᠠᠮᠠᠬᠢ᠂ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠵᠤ ᠰᠢᠢᠳᠪᠥᠷᠢᠯᠡᠨ᠎ᠡ᠃ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠲᠡᠮᠦᠷᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠲᠠᠮᠠᠬᠢ᠂ ᠠᠷᠠᠯᠵᠢᠶ᠎ᠠ ᠬᠤᠳᠠᠯᠳᠤᠭ᠎ᠠ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃    ︵ᠳᠤᠯᠤᠭ᠎ᠠ︶ ᠠᠶᠤᠯᠭᠦᠢ ᠦᠢᠯᠡᠳᠪᠦᠷᠢᠯᠡᠯ ᠤᠨ ᠶᠡᠷᠦᠩᠬᠡᠢᠯᠡᠨ ᠵᠣᠬᠢᠴᠠᠭᠤᠯᠬᠤ ᠲᠠᠰᠤᠭ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠲᠤᠰᠬᠠᠢ ᠠᠶᠤᠯᠭᠦᠢ ᠦᠢᠯᠡᠳᠪᠦᠷᠢᠯᠡᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠲᠣᠭᠤᠷᠢᠭ ᠤᠨ ᠴᠢᠨᠠᠷᠲᠠᠶ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠶ ᠵᠦᠢᠯ ᠤᠨ ᠰᠢᠮᠳᠠᠭᠤᠯᠤᠨ ᠪᠠᠶᠢᠴᠠᠭᠠᠯᠲᠠ᠂ ᠲᠤᠰᠬᠠᠶ ᠵᠦᠢᠯ ᠤᠨ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠶᠡᠷᠦᠩᠬᠡᠶᠢᠯᠡᠭᠰᠡᠨ ᠡᠬᠡ ᠪᠢᠴᠢᠭ ᠲᠤᠭᠤᠷᠪᠢᠬᠤ᠂ ᠰᠣᠨᠢᠨ ᠮᠡᠳᠡᠭᠡᠨ ᠤ ᠤᠬᠠᠭᠤᠯᠭ᠎ᠠ᠂ ᠣᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠠᠶᠤᠯᠭᠦᠢ ᠦᠢᠯᠡᠳᠪᠦᠷᠢᠯᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃    ︵ ᠨᠠᠢᠮᠠ ︶᠂ ᠠᠭᠤᠷᠬᠠᠢ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠪᠦᠬᠦ ᠲᠣᠭᠤᠷᠢᠭ ᠤᠨ ᠠᠭᠤᠷᠬᠠᠶ ︵ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ ᠶᠢ ᠪᠠᠭᠲᠠᠭᠠᠨ᠎ᠠ︶᠎ ᠶᠢᠨ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠪᠠᠷᠢᠮᠵᠢᠶ᠎ᠠ ᠬᠢᠭᠡᠳ ᠠᠶᠤᠯᠭᠦᠢ ᠦᠢᠯᠡᠳᠪᠦᠷᠢᠯᠡᠯ ᠤᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠵᠡᠷᠭᠡ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠵᠤ ᠰᠢᠢᠳᠪᠥᠷᠢᠯᠡᠨ᠎ᠡ᠃ ᠲᠣᠭᠲᠠᠭᠠᠯ ᠤᠨ ᠡᠷᠬᠡ ᠮᠡᠳᠡᠯ ᠢᠶᠠᠷ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯᠭᠦᠶ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠢᠨᠠᠯᠲᠠ ᠲᠠᠯᠪᠢᠵᠤ ᠬᠠᠷᠭᠤᠭᠤᠯᠤᠨ ᠪᠠᠶᠢᠴᠠᠭᠠᠬᠤ ᠶᠢ ᠡᠭᠦᠷᠭᠡᠯᠡᠨ᠎ᠡ᠃ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ᠂ ᠨᠡᠭᠦᠷᠡᠰᠦᠨ ᠤ ᠪᠤᠰᠤ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠤᠯᠴᠠᠬᠤ ᠵᠡᠷᠭᠡ ᠠᠵᠢᠯ ᠢ ᠬᠠᠷᠢᠭᠤᠴᠠᠨ᠎ᠠ᠃ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠠᠭᠤᠷᠬᠠᠶ ᠶᠢ ᠬᠠᠭᠠᠬᠤ ᠪᠠ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠪᠢᠲᠡᠭᠦᠮᠵᠢᠯᠡᠬᠦ ᠶᠢ ᠵᠢᠯᠥᠭᠤᠳᠤᠨ ᠬᠢᠨᠠᠯᠲᠠ ᠲᠠᠯᠪᠢᠨ᠎ᠠ ᠃ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠭᠤᠷᠬᠠᠶ ᠶᠢᠨ ᠠᠮᠤᠷ ᠲᠥᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠬᠢᠭᠡᠳ ᠳᠡᠯᠭᠡᠷᠡᠭᠦᠯᠦᠨ ᠬᠡᠷᠡᠭᠯᠡᠬᠦ ᠶᠢ ᠵᠢᠭᠠᠨ ᠵᠢᠯᠣᠭᠤᠳᠬᠤ ᠶᠢ ᠬᠠᠷᠢᠭᠤᠴᠠᠵᠤ᠂ ᠠᠭᠤᠷᠬᠠᠶ ᠶᠢᠨ ᠠᠶᠤᠯᠭᠦᠢ ᠶᠢᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠨᠡᠭᠦᠷᠡᠰᠦᠨ ᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠪᠣᠯᠤᠨ ᠣᠷᠣᠨ ᠨᠤᠲᠤᠭ ᠤᠨ ᠨᠡᠭᠦᠷᠡᠰᠦᠨ ᠠᠭᠤᠷᠬᠠᠶ ᠶᠢᠨ ᠥᠢᠯᠡᠳᠪᠥᠷᠢᠯᠡᠯ ᠤᠨ ᠴᠢᠳᠠᠪᠤᠷᠢ ᠶᠢ ᠪᠤᠴᠠᠭᠠᠬᠤ ᠬᠠᠮᠢᠶᠠᠷᠤᠯᠲᠠ ᠶᠢ ᠬᠠᠷᠢᠭᠤᠴᠠᠵᠤ᠂ ᠨᠡᠭᠦᠷᠡᠰᠦᠨ ᠤ ᠦᠢᠯᠡᠳᠪᠦᠷᠢᠯᠡᠯ ᠤᠨ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠵᠦ᠂ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ᠂ ᠨᠡᠭᠦᠷᠡᠰᠦᠨ ᠠᠭᠤᠷᠬᠠᠶ ᠶᠢᠨ ᠠᠶᠤᠯᠭᠦᠢ ᠶᠢᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ ᠬᠠᠮᠢᠶᠠᠷᠤᠨ᠎ᠠ᠃    ᠪᠠᠶᠢᠭᠤᠯᠭ᠎ᠠ ᠶᠢᠨ ᠨᠠᠮ ᠤᠨ ᠵᠤᠬᠢᠶᠠᠨ ᠪᠠᠶᠢᠭᠤᠯᠤᠯᠲᠠ᠃ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠲᠤᠭᠤᠰᠢᠯᠠᠭᠤᠯᠬᠤ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃    ᠳᠤᠳᠤᠭᠠᠳᠤ ᠪᠠᠶᠢᠭᠤᠯᠤᠮᠵᠢ ᠃ ᠠᠯᠪᠠᠨ ᠭᠡᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠨ ᠲᠣᠬᠢᠷᠠᠭᠤᠯᠬᠤ ᠲᠠᠰᠤᠭ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠬᠢᠭᠡᠳ ᠭᠠᠮᠰᠢᠭ ᠠᠴᠠ ᠠᠪᠤᠷᠠᠬᠤ ᠲᠠᠰᠤᠭ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠂ ᠠᠵᠤ ᠦᠢᠯᠡᠳᠪᠦᠷᠢ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠂ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠲᠠᠰᠤᠭ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1