1 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 118 ᠳ᠋ᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢ ᠭᠦᠸᠧ ᠵᠢᠶᠦ᠋ᠨ᠂ ᠯᠢᠦ ᠬᠠᠢ ᠶᠠᠩ᠂ | ᠵᠢᠶᠤᠤ ᠴᠢᠩ ᠳ᠋ᠦᠩ᠂ ᠵᠦ ᠬᠤᠩ ᠲᠥ᠋᠂ ᠯᠢ ᠰᠢᠨ ᠢᠦᠢ᠂ ᠯᠤᠸᠠᠨ ᠶᠦᠨ ᠡᡁᠧ᠂ ᠵᠠᠩ ᠯᠢ ᠲᠤᠤ ᠬᠤᠷᠠᠯ ᠳᠤ | ᠰᠠᠭᠠᠲᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠶ᠂ ᠸᠠᠩ ᠵᠧᠨ ᠯᠢᠶᠠᠩ᠂ ᠦ᠋ ᠰᠢᠤ ᠮᠢᠩ᠂ ᠹᠠᠨ ᠰᠢᠶᠤᠤ | ᠴᠢᠦ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠰᠠᠭᠠᠲᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ᠂ ᠲᠥᠪᠡᠳ ᠤᠨ ᠰᠢᠭᠠᠽᠧ ᠬᠤᠲᠠ ᠶᠢᠨ | ᠳᠢᠩᠷᠢ ᠰᠢᠶᠠᠨ ᠤ 6.8 ᠳᠡᠰ ᠤᠨ ᠭᠠᠵᠠᠷ ᠬᠥᠳᠡᠯᠦᠯᠲᠡ ᠶᠢᠨ ᠲᠤᠬᠠᠢ᠂ ᠬᠢᠨᠠᠨ ᠪᠤᠳᠤᠬᠤ ᠠᠵᠢᠯ ᠤᠨ ᠲᠤᠬᠠᠢ | ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 1 ᠰᠠᠷ᠎ᠠ ᠶᠢᠨ 9 ᠤ ᠡᠳᠦᠷ ᠤᠨ ᠨᠠᠮ ᠤᠨ | ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠮᠠᠨ ᠤ ᠲᠤᠭᠤᠷᠢᠭ ᠤᠨ ᠦᠵᠡᠯ ᠤᠬᠠᠮᠰᠠᠷ ᠤᠨ ᠬᠡᠯᠪᠡᠷᠢ | ᠪᠣᠯᠤᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢ ᠵᠠᠳᠠᠯᠤᠨ ᠰᠤᠳᠤᠯᠵᠤ ᠮᠠᠭᠠᠳᠯᠠᠭᠰᠠᠨ ᠮᠡᠳᠡᠭᠦᠯᠦᠯᠲᠡ ᠶᠢ | ᠰᠣᠨᠣᠰᠴᠤ᠂ ︽ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠢ | ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢᠨ ᠪᠠᠶᠢᠳᠠᠯ ᠡᠭᠦᠷᠭᠡ ᠪᠣᠯᠤᠨ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠨᠠᠮᠴᠢ | ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠡᠳᠦᠷ ᠳᠤᠳᠤᠮ ᠤᠨ | ᠬᠠᠮᠢᠶᠠᠷᠤᠯᠲᠠ᠂ ᠰᠡᠳᠬᠢᠯ ᠤᠨ ᠦᠭᠡ ᠪᠠᠨ ᠶᠠᠷᠢᠯᠴᠠᠬᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠵᠡᠷᠭᠡ | ᠠᠵᠢᠯ ᠯᠤᠭ᠎ᠠ ᠠᠭᠤᠰᠤᠯᠴᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ | ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠮᠠᠨ ᠤ ᠲᠣᠭᠤᠷᠢᠭ ᠤᠨ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠢᠭᠡ ᠠᠴᠠ | ᠵᠥᠢᠴᠢᠯᠡᠨ ᠨᠦᠬᠦᠭᠡ ᠶᠢ ᠮᠡᠳᠡᠵᠤ᠂ ᠮᠠᠨ ᠤ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠳ᠋ ᠪᠣᠳᠠᠰ ᠤᠨ ᠬᠠᠩᠭᠠᠯᠭ᠎ᠠ ᠵᠢᠴᠢ ᠳᠣᠣᠷ᠎ᠠ | ᠳᠤᠯᠠᠭᠠᠨ ᠪᠣᠷᠣᠭᠠᠨ ᠴᠠᠰᠤ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠥᠷᠭᠡᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠬᠤ ᠬᠡᠷᠡᠭᠲᠡᠢ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠠᠵᠤ ᠠᠬᠤᠶ ᠶᠢᠨ ᠠᠶᠤᠯ ᠲᠦᠭᠰᠢᠭᠦᠷᠢ ᠳᠤ ᠠᠩᠬᠠᠷᠤᠯ ᠢᠶᠠᠨ | ᠲᠥᠪᠯᠡᠷᠡᠭᠦᠯᠦᠨ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠬᠤ ᠪᠠ ᠰᠠᠬᠢᠯᠭ᠎ᠠ | ᠪᠠᠲᠤ ᠶᠢᠨ ᠬᠢᠨᠠᠨ ᠪᠠᠶᠢᠴᠠᠭᠠᠯᠲᠠ᠂ ᠲᠣᠭᠤᠷᠢᠨ ᠪᠠᠶᠢᠴᠠᠭᠠᠬᠤ ᠵᠡᠷᠭᠡ ᠪᠤᠰᠤᠳ ᠡᠯ᠎ᠡ ᠲᠥᠷᠥᠯ ᠤᠨ ᠬᠢᠨᠠᠯᠲᠠ ᠶᠢ | ᠬᠠᠮᠵᠢᠯᠴᠠᠭᠤᠯᠤᠨ ᠨᠡᠪᠲᠡᠷᠡᠭᠦᠯᠬᠦ ᠶᠢ ᠭᠦᠨᠵᠡᠭᠡᠶ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠰᠢᠯ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠨ ᠤ ᠲᠣᠭᠤᠷᠢᠭ ᠤᠨ ᠬᠢᠨᠠᠨ ᠪᠤᠳᠤᠬᠤ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ᠂ ᠲᠤᠭᠤᠷᠢᠭ ᠤᠨ | ᠰᠢᠭᠦᠬᠦ ᠬᠤᠷᠢᠶ᠎ᠠ᠂ ᠲᠤᠭᠤᠷᠢᠭ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠢᠮᠠᠭᠲᠠ | ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠲᠤᠭᠤᠷᠢᠭ ᠤᠨ | ᠨᠠᠮ ᠤᠨ ᠬᠤᠷᠢᠶᠠᠨ ᠤ ᠭᠤᠣᠯ ᠠᠵᠢᠯ ᠪᠣᠯᠤᠨ ᠪᠦᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠶᠢᠨ | ᠲᠣᠭᠤᠷᠢᠨ ᠳᠤ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ | ᠦᠨᠡᠨᠬᠦ ᠴᠢᠩᠭᠠᠷᠠᠭᠤᠯᠤᠨ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠠᠳᠠᠯᠤᠨ | ᠰᠤᠳᠤᠯᠵᠤ ᠮᠠᠭᠠᠳᠯᠠᠬᠤ ᠶᠢ ᠲᠠᠰᠤᠷᠠᠯᠲᠠ ᠥᠬᠡᠶ ᠴᠢᠩᠭᠠᠳᠬᠠᠵᠤ᠂ ᠰᠦᠯᠵᠢᠶᠡᠨ ᠤ ᠶᠡᠷᠦᠩᠬᠡᠶᠢᠯᠡᠨ ᠵᠠᠰᠠᠬᠤ | ᠦᠢᠯᠡᠳᠦᠯ ᠴᠢᠳᠠᠪᠤᠷᠢ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ | ᠬᠡᠷᠡᠭᠲᠡᠶ᠃ ᠡᠯ᠎ᠡ ᠪᠠᠭ ᠤᠨ ᠪᠦᠷᠢᠯᠳᠦᠬᠦᠨ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠪᠦᠯᠬᠦᠮᠳᠡᠯ ᠢᠶᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠢᠯ ᠢᠶᠠᠨ ᠰᠠᠶᠢᠵᠢᠷᠠᠭᠤᠯᠵᠤ᠂ | ᠠᠰᠠᠭᠤᠳᠠᠯ ᠢ ᠬᠠᠷᠢᠴᠠᠭᠤᠯᠤᠨ ᠪᠠᠶᠢᠴᠠᠭᠠᠨ ᠦᠵᠡᠬᠦ ᠶᠢ ᠡᠨᠡ ᠵᠢᠯ ᠤᠨ ᠥᠭᠡᠷᠡᠴᠢᠯᠡᠯᠲᠡ ᠬᠥᠭᠵᠢᠯᠲᠡ ᠶᠢᠨ | ᠡᠭᠦᠷᠭᠡ ᠲᠠᠢ ᠤᠶᠠᠯᠳᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠩᠭᠡᠨ ᠲᠠᠯ᠎ᠠ ᠪᠠ ᠥᠨᠳᠥᠰᠥ | ᠰᠢᠯᠲᠠᠭᠠᠨ ᠢ ᠨᠢ ᠴᠥᠮ ᠵᠠᠰᠠᠬᠤ ᠶᠢ ᠪᠡᠶᠡᠯᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠪᠠᠷ ᠮᠠᠨ ᠤ | ᠲᠤᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠤᠯᠪᠠ᠃ | |