ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 16᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠭᠰᠠᠨ ᠰᠤᠷᠤᠯᠴᠠᠬᠤ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠳᠤᠭᠤᠶᠢᠯᠠᠩ ᠤᠨ ᠪᠦᠷᠢᠯᠳᠦᠬᠦᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠦᠵᠡᠯᠲᠡ ᠪᠠᠨ ᠶᠠᠷᠢᠵᠠᠭᠠᠪᠠ᠃    ᠬᠤᠷᠠᠯ ᠠᠴᠠ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠤᠯᠤᠰ ᠲᠦᠷᠦ ᠶᠢᠨ ᠠᠮᠢᠳᠤᠷᠠᠯ ᠤᠨ ᠴᠢᠬᠤᠯᠠ ᠠᠭᠤᠯᠭ᠎ᠠ ᠮᠥᠨ᠂ ᠪᠠᠰᠠ ᠴᠤ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠯᠪᠡᠷᠢ ᠮᠥᠨ᠃ ᠡᠯ᠎ᠡ ᠭᠤᠣᠯ ᠳᠤᠭᠤᠶᠢᠯᠠᠩ ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ︽ᠵᠢᠷᠭᠤᠭᠠᠨ ᠰᠠᠬᠢᠯᠭ᠎ᠠ ᠪᠠᠲᠤ︾᠂ ︽ᠳᠦᠷᠪᠡᠨ ᠲᠦᠷᠦᠭᠦᠯᠡᠬᠦ︾᠎ ᠲᠠᠢ ᠬᠠᠷᠭᠤᠭᠤᠯᠵᠤ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠦᠪᠡᠷ ᠢ ᠪᠠᠨ ᠪᠠᠶᠢᠴᠠᠭᠠᠨ ᠥᠪᠡᠷ ᠢ ᠪᠠᠨ ᠦᠭᠡᠷᠡᠴᠢᠯᠡᠨ ᠵᠠᠯᠠᠷᠠᠭᠤᠯᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠪᠣᠲᠠᠲᠠᠢ ᠬᠦᠮᠥᠨ ᠪᠣᠲᠠᠲᠠᠢ ᠤᠴᠢᠷ ᠲᠤ ᠬᠥᠷᠲᠡᠯ᠎ᠡ ᠭᠦᠨ ᠭᠥᠨᠵᠡᠭᠡᠢ ᠦᠵᠡᠯ ᠰᠠᠨᠠᠭᠠᠨ ᠤ ᠲᠠᠨᠢᠯᠲᠠ ᠲᠠᠢ ᠵᠠᠳᠠᠯᠤᠯᠲᠠ ᠬᠢᠬᠦ ᠶᠢ ᠪᠡᠶᠡᠯᠡᠭᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠵᠤ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠠᠵᠢᠯᠯᠠᠬᠤ︾᠎ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠮᠠᠨ ᠤ ᠲᠤᠭᠤᠷᠢᠭ ᠤᠨ ᠴᠢᠨᠠᠷ ᠰᠠᠶᠢᠲᠠᠢ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1