1 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ | 2025 ᠣᠨ ᠤ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠰᠢᠶᠧ | ᠶᠦᠨ ᠰᠥᠩ᠂ ᠯᠢ ᠽᠦᠩ ᠮᠧᠩ᠂ ᠶᠢᠨ ᠮᠢᠩ᠂ ᠫᠧᠩ ᠰᠢᠶᠤᠤ ᠵᠢᠤᠸᠠᠨ᠂ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ᠂ ᠬᠡᠰᠡᠭ ᠵᠡᠭᠡᠯᠢ ᠭᠤᠳᠤᠮᠵᠢ ᠶᠢᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠤᠸᠠᠨ | ᠪᠦᠦ ᠱᠠᠨ ᠲᠣᠭᠤᠷᠢᠭ ᠤᠨ ᠮᠦᠽᠧᠶ ᠶᠢᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠪᠠᠶᠢᠳᠠᠯ ᠢ | ᠰᠣᠨᠣᠰᠴᠤ᠂ ︽ᠶᠤᠸᠠᠨ ᠪᠦᠦ ᠱᠠᠨ ᠲᠣᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ᠬᠥᠮᠥᠷᠭᠡ ᠶᠢᠨ ︿ | ᠳᠥᠷᠪᠡᠨ ᠡᠮᠬᠢ ᠲᠢᠭᠯᠢᠮ ᠥᠭᠡᠢ ᠶᠢ ᠠᠷᠢᠯᠭᠠᠬᠤ﹀ ᠶᠢᠨ ᠡᠷᠬᠢᠨ ᠦᠵᠡᠬᠦ ᠵᠢᠴᠢ ︿ᠬᠤᠪᠢᠯ ᠴᠡᠪᠡᠷᠯᠡᠬᠦ ᠠᠵᠢᠯᠯᠠᠭ᠎ᠠ﹀ | ᠶᠢ ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠤᠷᠠᠭ︶︾ ᠢ ᠬᠢᠨᠠᠨ ᠵᠥᠪᠯᠡᠵᠦ᠂ ᠶᠤᠸᠠᠨ ᠪᠦᠦ ᠱᠠᠨ ᠲᠣᠭᠤᠷᠢᠭ ᠤᠨ | ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠬᠤ ᠵᠡᠷᠭᠡ ᠬᠤᠯᠪᠣᠭᠳᠠᠯ ᠪᠥᠬᠦᠶ ᠵᠦᠢᠯᠡᠰ ᠢ | ᠰᠤᠳᠤᠯᠪᠠ᠃ | ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ | ᠱᠠᠲᠤᠨ ᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠭᠦᠢᠴᠡᠳ ᠰᠠᠶᠢᠲᠤᠷ ᠬᠡᠷᠡᠭᠯᠡᠵᠦ᠂ ᠠᠭᠤᠷᠬᠠᠢ ᠶᠢᠨ ᠠᠵᠤ | ᠠᠬᠤᠶᠢᠯᠠᠯ ᠤᠨ ᠪᠣᠬᠢᠷᠲᠤᠯ ᠦᠭᠡᠢ ᠠᠭᠤᠷᠬᠠᠢ ᠶᠢ ᠢᠳᠡᠪᠬᠢᠲᠡᠢ ᠡᠭᠦᠳᠦᠨ ᠪᠠᠶᠢᠭᠤᠯᠬᠤ ᠶᠢ ᠬᠦᠳᠦᠯᠦᠨ ᠵᠢᠯᠣᠭᠤᠳᠬᠤ | ᠪᠠ ᠵᠣᠷᠢᠭᠵᠢᠭᠤᠯᠵᠤ᠂ ᠪᠦᠬᠦ ᠲᠣᠭᠤᠷᠢᠭ ᠤᠨ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠭᠤᠣᠯ ᠮᠥᠷᠡᠨ ᠨᠠᠭᠤᠷ ᠴᠥᠭᠦᠷᠥᠮ ᠤᠨ ᠬᠥᠮᠥᠷᠭᠡ ᠶᠢᠨ ︽ᠲᠦᠷᠪᠡᠨ ᠡᠮᠬᠢ ᠲᠢᠭᠯᠢᠮ | ᠥᠭᠡᠢ ᠶᠢ ᠠᠷᠢᠯᠭᠠᠬᠤ︾ ᠠᠵᠢᠯ ᠢ ᠭᠦᠨᠵᠡᠭᠡᠢ ᠠᠬᠢᠭᠤᠯᠵᠤ᠂ ᠦᠳᠲᠡᠷ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ | ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠲᠣᠭᠲᠠᠭᠰᠠᠨ | ᠬᠤᠭᠤᠴᠠᠭᠠᠨ ᠳᠤ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠭᠤᠣᠯ ᠤᠨ ᠵᠠᠮ ᠤᠨ ᠦᠶᠡᠷ ᠶᠠᠪᠤᠭᠤᠯᠬᠤ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠪᠠᠶᠢᠷᠢᠰᠢᠯ ᠨᠢ ᠵᠦᠶ ᠵᠣᠬᠢᠰᠲᠠᠶ᠂ ᠣᠨᠴᠠᠯᠢᠭ ᠨᠢ ᠢᠯᠡ ᠲᠣᠳᠣ᠂ ᠴᠢᠳᠠᠮᠵᠢ ᠨᠢ | ᠪᠦᠷᠢᠨ ᠲᠡᠭᠦᠯᠳᠡᠷ᠂ ᠳᠡᠯᠭᠡᠨ ᠦᠵᠡᠭᠦᠯᠦᠯᠭᠡ ᠨᠢ ᠡᠯᠪᠡᠭ ᠪᠠᠶᠠᠯᠢᠭ ᠶᠡᠷᠦᠩᠬᠡᠶᠢᠯᠡᠭᠰᠡᠨ ᠴᠢᠨᠠᠷᠲᠠᠶ ᠮᠦᠽᠧᠶ ᠶᠢ | ᠪᠠᠶᠢᠭᠤᠯᠵᠤ᠂ ᠣᠯᠠᠨ ᠲᠦᠮᠡᠨ ᠤ ᠡᠳᠦᠷ ᠲᠤᠲᠤᠮ ᠤᠨ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠵᠤ᠂ ᠭᠠᠳᠠᠭᠰᠢ ᠤᠬᠠᠭᠤᠯᠬᠤ᠂ ᠳᠡᠯᠭᠡᠨ ᠥᠵᠡᠭᠦᠯᠬᠦ ᠭᠤᠤᠯ ᠵᠢᠭᠰᠠᠭᠠᠯ ᠤᠨ ᠭᠠᠵᠠᠷ ᠢ ᠬᠦᠴᠦᠯᠡᠨ | ᠪᠠᠶᠢᠭᠤᠯᠬᠤ ᠬᠡᠷᠡᠭᠲᠡᠶ᠃ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠲᠦᠷᠭᠡᠨ ᠪᠠᠶᠢᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤᠮᠳᠠᠬᠢ ᠠᠵᠤ ᠦᠢᠯᠡᠰ ᠤᠨ ᠰᠠᠭᠤᠷᠢ ᠮᠥᠩᠭᠦ ᠶᠢᠨ | ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠲᠠᠬᠢᠨ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠤᠯᠪᠠ᠃ | |