ᠨᠢᠭᠡ᠂ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ | ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠠᠭᠤᠷᠬᠠᠶ ᠶᠢᠨ | ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ᠂ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠡᠯᠪᠡᠷᠢ | ᠪᠣᠯᠵᠤ ᠬᠤᠪᠢᠷᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠡᠢ᠃ | ᠬᠤᠶᠠᠷ᠂ ︽ᠶᠤᠸᠠᠨ ᠪᠦᠦ ᠱᠠᠨ ᠲᠣᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ︿ᠳᠥᠷᠪᠡᠨ ᠡᠮᠬᠢ | ᠲᠢᠭᠯᠢᠮ ᠦᠭᠡᠢ ᠶᠢ ᠠᠷᠢᠯᠭᠠᠬᠤ﹀ ᠡᠷᠬᠢᠨ ᠬᠠᠷᠠᠬᠤ ᠵᠢᠴᠢ ︽ᠬᠤᠪᠢᠯ ᠴᠡᠪᠡᠷᠯᠡᠬᠦ ᠠᠵᠢᠯᠯᠠᠭ᠎ᠠ︾ ᠶᠢᠨ ᠬᠡᠷᠡᠭᠵᠢᠭᠦᠯᠬᠦ | ᠲᠥᠰᠦᠯ︾ ︵ᠶᠠᠷᠢᠯᠴᠠᠬᠤ ᠨᠣᠤᠷᠠᠭ︶ ᠢ ᠬᠢᠨᠠᠨ ᠵᠥᠪᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠮᠬᠢ | ᠲᠢᠭᠯᠢᠮ ᠦᠭᠡᠢ ᠶᠢ ᠠᠷᠢᠯᠭᠠᠬᠤ︾ ᠡᠷᠬᠢᠨ ᠬᠠᠷᠠᠬᠤ ᠵᠢᠴᠢ ︽ᠬᠤᠪᠢᠯ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠬᠦ | ᠪᠣᠯ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ | ᠲᠡᠮᠡᠴᠡᠬᠦ ᠪᠠ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠭᠠᠷᠭᠠᠭᠰᠠᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠪᠣᠯᠤᠨ᠎ᠠ᠃ ᠡᠯ᠎ᠡ ᠪᠠᠯᠭᠠᠰᠤ ᠰᠢᠶᠠᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠤᠤᠬ᠎ᠠ ᠶᠢᠨ ᠭᠤᠣᠯ ᠤᠨ ᠬᠠᠰᠢᠯᠭ᠎ᠠ ᠰᠡᠲᠡᠷᠡᠭᠰᠡᠨ ᠰᠤᠷᠭᠠᠮᠵᠢ ᠶᠢ | ᠭᠥᠨᠵᠡᠭᠡᠢ ᠰᠢᠩᠭᠡᠭᠡᠨ ᠠᠪᠴᠤ᠂ ᠭᠤᠣᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠪᠦᠲᠦᠮᠵᠢᠲᠡᠢ | ᠳᠡᠭᠡᠭᠰᠢᠯᠡᠭᠦᠯᠵᠦ᠂ ᠦᠶᠡᠷ ᠵᠠᠯᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | |