ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/25
    ᠨᠢᠭᠡ᠂ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠷᠥ ᠶᠢᠨ ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠡᠯᠪᠡᠷᠢ ᠪᠣᠯᠵᠤ ᠬᠤᠪᠢᠷᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠡᠢ᠃    ᠬᠤᠶᠠᠷ᠂ ︽ᠶᠤᠸᠠᠨ ᠪᠦᠦ ᠱᠠᠨ ᠲᠣᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ︿ᠳᠥᠷᠪᠡᠨ ᠡᠮᠬᠢ ᠲᠢᠭᠯᠢᠮ ᠦᠭᠡᠢ ᠶᠢ ᠠᠷᠢᠯᠭᠠᠬᠤ﹀ ᠡᠷᠬᠢᠨ ᠬᠠᠷᠠᠬᠤ ᠵᠢᠴᠢ ︽ᠬᠤᠪᠢᠯ ᠴᠡᠪᠡᠷᠯᠡᠬᠦ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ︾ ︵ᠶᠠᠷᠢᠯᠴᠠᠬᠤ ᠨᠣᠤᠷᠠᠭ︶ ᠢ ᠬᠢᠨᠠᠨ ᠵᠥᠪᠯᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠮᠬᠢ ᠲᠢᠭᠯᠢᠮ ᠦᠭᠡᠢ ᠶᠢ ᠠᠷᠢᠯᠭᠠᠬᠤ︾ ᠡᠷᠬᠢᠨ ᠬᠠᠷᠠᠬᠤ ᠵᠢᠴᠢ ︽ᠬᠤᠪᠢᠯ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠭᠠᠷᠭᠠᠭᠰᠠᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠪᠠᠯᠭᠠᠰᠤ ᠰᠢᠶᠠᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠤᠤᠬ᠎ᠠ ᠶᠢᠨ ᠭᠤᠣᠯ ᠤᠨ ᠬᠠᠰᠢᠯᠭ᠎ᠠ ᠰᠡᠲᠡᠷᠡᠭᠰᠡᠨ ᠰᠤᠷᠭᠠᠮᠵᠢ ᠶᠢ ᠭᠥᠨᠵᠡᠭᠡᠢ ᠰᠢᠩᠭᠡᠭᠡᠨ ᠠᠪᠴᠤ᠂ ᠭᠤᠣᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠦᠶᠡᠷ ᠵᠠᠯᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1