ᠣᠶᠢᠷ᠎ᠠ ᠶᠢᠨ ᠡᠳᠦᠷ᠂ ᠶᠤᠸᠠᠨ ᠪᠤᠤ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠢᠳᠡᠪᠬᠢᠲᠡᠢ ᠠᠵᠢᠯᠯᠠᠭ᠎ᠠ ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠢᠳᠡᠭᠡᠨ ᠤ ᠵᠠᠬ᠎ᠠ | ᠳᠡᠯᠭᠡᠭᠦᠷ ᠲᠤ ᠬᠠᠨᠳᠤᠯᠭᠠᠲᠤ ᠴᠢᠨᠠᠷᠲᠠᠢ ᠪᠠᠷ ᠥᠯᠵᠡᠶᠢᠲᠦ ᠡᠳᠦᠷ ᠤᠨ ᠪᠠᠶᠠᠷ ᠠᠴᠠ ᠡᠮᠦᠨᠡᠬᠢ ᠲᠤᠰᠬᠠᠢ ᠵᠦᠢᠯ ᠤᠨ | ᠪᠠᠶᠢᠴᠠᠭᠠᠯᠲᠠ ᠥᠷᠨᠢᠭᠦᠯᠵᠦ᠂ ᠢᠳᠡᠭᠡᠨ ᠤ ᠠᠮᠤᠷ ᠲᠥᠪᠰᠢᠨ ᠤ ᠭᠡᠮ ᠰᠤᠭᠤᠭ ᠢ ᠵᠢᠭᠰᠠᠭᠠᠨ ᠪᠠᠶᠢᠴᠠᠭᠠᠵᠤ᠂ | ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠤᠲᠠ ᠶᠢᠨ ᠠᠷᠠᠳ ᠢ ᠪᠠᠶᠠᠷ ᠬᠥᠷ ᠲᠠᠢ᠂ | ᠥᠯᠵᠡᠢ ᠪᠡᠯᠭᠡ ᠲᠠᠢ ᠪᠠᠷ ᠥᠯᠵᠡᠶᠢᠲᠦ ᠡᠳᠦᠷ ᠤᠨ ᠪᠠᠶᠠᠷ ᠢ ᠥᠩᠭᠡᠷᠡᠭᠦᠯᠥᠨᠡ᠃ | | | | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠣᠮᠣ ᠴᠢᠯᠥᠭᠡᠲᠥ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠥᠯᠵᠡᠶᠢᠲᠦ ᠡᠳᠦᠷ ᠤᠨ ᠪᠠᠶᠠᠷ ᠤᠨ ᠢᠳᠡᠭᠡᠨ ᠵᠡᠷᠭᠡ ᠪᠠᠶᠠᠷ | ᠳᠤᠷᠠᠰᠬᠠᠯ ᠤᠨ ᠡᠳᠥᠷ ᠤᠨ ᠢᠳᠡᠭᠡᠨ ᠤ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ ᠪᠠᠶᠢᠴᠠᠭᠠᠨ ᠦᠵᠡᠵᠦ᠂ | ᠬᠤᠳᠠᠯᠳᠤᠭᠠᠴᠢᠳ ᠢ ᠬᠠᠮᠢᠶ᠎ᠠ ᠪᠥᠬᠦᠶ ᠪᠠᠷᠠᠭ᠎ᠠ ᠣᠷᠤᠭᠤᠯᠤᠭᠰᠠᠨ ᠭᠡᠷᠡᠴᠢ ᠪᠠᠷᠢᠮᠲᠠ ᠪᠠ ᠰᠢᠯᠭᠠᠨ ᠪᠠᠶᠢᠴᠠᠭᠠᠭᠰᠠᠨ | ᠮᠡᠳᠡᠭᠦᠯᠦᠯᠲᠡ ᠪᠠᠨ ᠬᠠᠩᠭᠠᠵᠤ᠂ ᠢᠳᠡᠭᠡᠨ ᠤ ᠢᠷᠡᠯᠲᠡ ᠶᠢ ᠮᠥᠷᠳᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ ᠡᠭᠦᠨ ᠤ ᠬᠠᠮᠲᠤ᠂ ᠢᠳᠡᠭᠡᠨ ᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ | ᠪᠠᠲᠤᠯᠠᠬᠤ ᠬᠤᠭᠤᠴᠠᠭ᠎ᠠ᠂ ᠪᠣᠭᠤᠳᠠᠯ ᠪᠠᠭᠯᠠᠭ᠎ᠠ ᠶᠢᠨ ᠲᠡᠮᠳᠡᠭ ᠵᠡᠷᠭᠡ ᠶᠢ ᠨᠢᠭᠡᠳ ᠨᠢᠭᠡ ᠪᠠᠷ ᠬᠠᠷᠭᠤᠭᠤᠯᠵᠤ᠂ | ᠬᠤᠭᠤᠴᠠᠭ᠎ᠠ ᠨᠢ ᠥᠩᠭᠡᠷᠡᠭᠡᠳ ᠴᠢᠨᠠᠷ ᠨᠢ ᠬᠤᠪᠢᠷᠠᠭᠰᠠᠨ᠂ ︽ᠭᠤᠷᠪᠠ ᠦᠭᠡᠢ︾ ᠢᠳᠡᠭᠡᠨ ᠤ ᠵᠠᠬ᠎ᠠ ᠳᠡᠯᠭᠡᠭᠦᠷ ᠲᠤ | ᠣᠷᠣᠬᠤ ᠶᠢ ᠰᠡᠷᠭᠡᠶᠢᠯᠡᠨ ᠬᠤᠷᠢᠭᠯᠠᠪᠠ᠃ ᠥᠯᠵᠡᠶᠢᠲᠦ ᠡᠳᠦᠷ ᠤᠨ ᠪᠠᠶᠠᠷ ᠤᠨ ᠢᠳᠡᠭᠡᠨ ᠢ ᠪᠣᠷᠤᠯᠠᠭᠤᠯᠵᠤ ᠪᠠᠶᠢᠭ᠎ᠠ | ᠡᠵᠡᠩᠨᠡᠯᠲᠡ ᠶᠢᠨ ᠡᠷᠥᠬᠡ ᠳᠤ ᠠᠵᠢᠯᠲᠠᠳ ᠪᠠᠰᠠ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠪᠠᠶᠢᠳᠠᠯ᠂ | ᠬᠠᠳᠠᠭᠠᠯᠠᠬᠤ ᠨᠥᠬᠦᠴᠡᠯ ᠵᠢᠴᠢ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ ᠶᠢ ᠭᠥᠨᠵᠡᠭᠡᠶᠢᠷᠡᠨ | ᠪᠠᠶᠢᠴᠠᠭᠠᠵᠤ᠂ ᠬᠤᠳᠠᠯᠳᠤᠭᠠᠴᠢᠳ ᠢ ᠢᠳᠡᠭᠡᠨ ᠤ ᠠᠮᠤᠷ ᠲᠦᠪᠰᠢᠨ ᠤ ᠵᠢᠷᠤᠮᠵᠢᠯ ᠢ ᠴᠢᠩᠭ᠎ᠠ ᠵᠢᠷᠤᠮᠯᠠᠵᠤ᠂ | ᠢᠳᠡᠭᠡᠨ ᠤ ᠪᠣᠷᠣᠯᠠᠭᠤᠯᠭ᠎ᠠ ᠶᠢᠨ ᠶᠠᠪᠤᠴᠠ ᠶᠢᠨ ᠠᠮᠤᠷ ᠲᠦᠪᠰᠢᠨ ᠠᠷᠢᠭᠤᠨ ᠴᠡᠪᠡᠷ ᠪᠠᠶᠢᠬᠤ ᠶᠢ ᠪᠠᠲᠤᠯᠠᠬᠤ ᠶᠢ | ᠰᠢᠪᠠᠳᠠᠪᠠ᠃ ᠬᠠᠤᠯᠢ ᠬᠡᠷᠡᠭᠵᠢᠭᠦᠯᠬᠦ ᠠᠵᠢᠯᠲᠠᠨ ᠢᠯᠡᠷᠬᠡᠶᠢᠯᠡᠭᠰᠡᠨ ᠨᠢ᠂ ᠪᠠᠶᠢᠴᠠᠭᠠᠯᠲᠠ ᠶᠢᠨ ᠳᠤᠮᠳᠠ | ᠢᠯᠡᠷᠡᠭᠦᠯᠦᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠢᠳᠡᠭᠡᠨ ᠤ ᠠᠮᠤᠷ | ᠲᠦᠪᠰᠢᠨ ᠤ ᠭᠡᠮ ᠰᠣᠭᠤᠭ ᠢ ᠲᠦᠢᠯᠪᠤᠷᠢᠲᠠᠶ ᠠᠷᠢᠯᠭᠠᠬᠤ ᠶᠢ ᠦᠨᠡᠨ ᠬᠦ ᠪᠠᠲᠤᠯᠠᠨ᠎ᠠ ᠭᠡᠵᠡᠶ᠃ ᠡᠭᠦᠨ ᠤ ᠬᠠᠮᠲᠤ᠂ | ᠥᠷᠭᠡᠨ ᠣᠯᠠᠨ ᠬᠤᠲᠠ ᠶᠢᠨ ᠠᠷᠠᠳ ᠲᠤ ᠢᠳᠡᠭᠡᠨ ᠬᠤᠳᠠᠯᠳᠤᠨ ᠠᠪᠬᠤ ᠳᠠᠭᠠᠨ ᠵᠥᠪ ᠠᠷᠭ᠎ᠠ ᠵᠠᠮ ᠢ ᠰᠣᠩᠭᠤᠵᠤ᠂ | ᠢᠳᠡᠭᠡᠨ ᠤ ᠬᠠᠮᠢᠶ᠎ᠠ ᠪᠥᠬᠦᠶ ᠮᠡᠳᠡᠭᠡ ᠵᠠᠩᠭᠢ ᠶᠢ ᠨᠠᠷᠢᠨ ᠨᠢᠮᠪᠠᠶ ᠪᠠᠶᠢᠴᠠᠭᠠᠨ ᠥᠵᠡᠵᠦ᠂ ᠬᠡᠷᠪᠡ ᠢᠳᠡᠭᠡᠨ ᠤ ᠠᠮᠤᠷ | ᠲᠦᠪᠰᠢᠨ ᠤ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ | ᠠᠪᠴᠤ᠂ ᠥᠪᠡᠷ ᠤᠨ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠵᠤ ᠪᠣᠯᠤᠨ᠎ᠠ ᠭᠡᠵᠦ ᠰᠠᠨᠠᠭᠤᠯᠪᠠ | ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠭᠡᠨ ᠡᠵᠡᠩᠨᠡᠭᠴᠢ ᠶᠢᠨ ᠢᠳᠡᠭᠡᠨ ᠤ ᠠᠮᠤᠷ ᠲᠦᠪᠰᠢᠨ ᠤ ᠦᠵᠡᠯ | ᠤᠬᠠᠮᠰᠠᠷ ᠢ ᠴᠢᠩᠭᠠᠷᠠᠭᠤᠯᠤᠨ᠂ ᠥᠷᠭᠡᠨ ᠣᠯᠠᠨ ᠬᠤᠲᠠ ᠶᠢᠨ ᠠᠷᠠᠳ ᠤᠨ ᠥᠯᠵᠡᠶᠢᠲᠥ ᠡᠳᠥᠷ ᠤᠨ ᠪᠠᠶᠠᠷ ᠤᠨ | ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ | |