2 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ | ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 119 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢ ᠭᠦᠸᠧ ᠵᠢᠶᠦ᠋ᠨ᠂ ᠯᠢᠦ ᠬᠠᠢ ᠶᠠᠩ᠂ | ᠵᠢᠶᠤᠤ ᠴᠢᠩ ᠳ᠋ᠦᠩ᠂ ᠵᠦ ᠬᠤᠩ ᠲᠥ᠋ ᠂ ᠯᠢ ᠰᠢᠨ ᠢᠦᠢ᠂ ᠸᠠᠩ ᠶᠠᠨ ᠪᠥᠸᠧ᠂ ᠯᠤᠸᠠᠨ ᠶᠦᠨ ᠾᠧ᠂ ᠯᠢ ᡁᠢ | ᠭᠠᠩ᠂ ᠵᠠᠩ ᠯᠢ ᠲᠤᠤ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠢ᠂ ᠸᠠᠩ ᠵᠧᠨ ᠯᠢᠶᠠᠩ | ᠂ ᠫᠧᠩ ᠰᠢᠶᠣᠣ ᠵᠢᠤᠸᠠᠨ᠂ ᠯᠢ ᠸᠧᠢ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠲᠠᠢ ᠬᠠᠮᠲᠤ ᠪᠠᠷ ᠴᠠᠭᠠᠨ | ᠰᠠᠷ᠎ᠠ ᠶᠢ ᠤᠭᠲᠤᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ | ᠨᠡᠶᠢᠲᠡᠯᠡᠭᠰᠡᠨ ᠴᠢᠬᠤᠯᠠ ᠵᠤᠬᠢᠶᠠᠯ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ︾᠂ ᠳᠤᠮᠳᠠᠳᠤ | ᠤᠯᠤᠰ ᠤᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠶᠢᠰᠦᠳᠦᠭᠡᠷ ᠤᠳᠠᠭᠠᠨ ᠤ ᠪᠦᠬᠦ ᠤᠯᠤᠰ ᠤᠨ ᠭᠡᠰᠢᠭᠦᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠶᠠᠪᠤᠭᠤᠯᠤᠭᠰᠠᠨ ᠵᠠᠬᠢᠳᠠᠯ ᠤᠨ ᠵᠣᠷᠢᠭ ᠰᠠᠨᠠᠭ᠎ᠠ᠂ ᠤᠯᠤᠰ ᠤᠨ ᠪᠡᠭᠡᠵᠢᠩ | ᠵᠦᠴᠦᠭᠡ ᠶᠢᠨ ᠬᠦᠷᠢᠶᠡᠯᠡᠩ ᠤᠨ ᠵᠠᠯᠠᠭᠤᠴᠤᠳ ᠤᠨ ᠤᠷᠠᠯᠢᠭ ᠤᠨ ᠠᠵᠢᠯᠲᠠᠳ ᠲᠤ ᠢᠯᠡᠭᠡᠭᠰᠡᠨ ᠬᠠᠷᠢᠭᠤ | ᠵᠠᠬᠢᠳᠠᠯ ᠤᠨ ᠵᠣᠷᠢᠭ ᠰᠠᠨᠠᠭ᠎ᠠ ︔ 1 ᠰᠠᠷ᠎ᠠ ᠶᠢᠨ 20 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ︔ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ︔ ᠰᠦᠨ ᠱᠤᠤ ᠴᠧᠩ ᠱᠦᠵᠢ ᠶᠢᠨ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ︔ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ᠂ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ | ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠠᠵᠢᠯ ᠤᠨ ᠮᠡᠳᠡᠭᠦᠯᠦᠯᠲᠡ ︵ᠬᠦᠷᠭᠡᠨ ᠬᠢᠨᠠᠭᠤᠯᠬᠤ ᠨᠣᠤᠷᠠᠭ︶︾᠂ ︽ᠶᠤᠸᠠᠨ | ᠪᠦᠦ ᠱᠠᠨ ᠲᠣᠭᠤᠷᠢᠭ ᠤᠨ ᠭᠤᠤᠯ ᠮᠥᠷᠡᠨ ᠨᠠᠭᠤᠷ ᠴᠥᠭᠦᠷᠥᠮ ᠤᠨ ︿ᠳᠥᠷᠪᠡᠨ ᠲᠢᠭᠯᠢᠮ ᠦᠭᠡᠢ ᠪᠠᠶᠢᠳᠠᠯ ᠢ | ᠴᠡᠭᠴᠡᠯᠡᠬᠦ﹀ ᠡᠷᠬᠢᠨ ᠬᠠᠷᠠᠬᠤ ᠵᠢᠴᠢ ︿ ᠭᠤᠣᠯ ᠤᠨ ᠬᠤᠪᠢᠯ ᠴᠡᠪᠡᠷᠯᠡᠬᠦ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠦᠯ | ︵ᠬᠦᠷᠭᠡᠨ ᠬᠢᠨᠠᠭᠤᠯᠬᠤ ᠨᠣᠤᠷᠠᠭ︶︾ ᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠦᠭᠡᠳ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠪᠦᠬᠦ ᠲᠠᠯ᠎ᠠ ᠪᠠᠷ ᠣᠶᠢᠯᠠᠭᠠᠵᠤ᠂ | ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠡᠷᠬᠡ ᠶᠢ | ᠡᠵᠡᠮᠳᠡᠵᠦ᠂ ᠲᠥᠪ ᠶᠣᠰᠣ ᠶᠢ ᠰᠠᠬᠢᠬᠤ ᠳᠤᠮᠳᠠ ᠰᠢᠨ᠎ᠡ ᠶᠢ ᠡᠭᠦᠳᠬᠦ ᠵᠥᠪ ᠴᠢᠭᠯᠡᠯ ᠢ ᠪᠠᠷᠢᠮᠲᠠᠯᠠᠵᠤ᠂ | ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠡᠯ᠎ᠡ ᠰᠠᠯᠠᠭ᠎ᠠ ᠮᠥᠴᠢᠷ᠂ ᠳᠡᠭᠡᠳᠦ ᠲᠤᠤᠷᠠᠳᠤ ᠱᠠᠳᠤ᠂ ᠰᠢᠨ᠎ᠡ ᠬᠠᠭᠤᠴᠢᠨ | ᠲᠦᠷᠦ ᠶᠢᠨ ᠪᠤᠳᠤᠯᠭ᠎ᠠ ᠶᠢᠨ ᠬᠤᠭᠤᠷᠣᠨᠳᠣᠬᠢ ᠵᠣᠯᠭᠠᠯᠴᠠᠭ᠎ᠠ ᠬᠠᠮᠵᠢᠯᠴᠠᠭ᠎ᠠ ᠶᠢ ᠰᠠᠶᠢᠲᠤᠷ ᠠᠳᠬᠤᠵᠤ᠂ | ᠥᠭᠡᠷᠡᠴᠢᠯᠡᠯᠲᠡ ᠶᠢᠨ ᠵᠢᠱᠢᠯᠲᠡ ᠶᠢ ᠵᠣᠬᠢᠰᠲᠠᠢ ᠬᠦᠳᠦᠯᠦᠨ ᠵᠢᠯᠣᠭᠤᠳᠴᠤ᠂ ᠥᠭᠡᠷᠡᠴᠢᠯᠡᠯᠲᠡ ᠶᠢᠨ ᠬᠥᠳᠡᠯᠭᠡᠬᠦ | ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ︽ᠤᠳᠠᠭᠠᠰᠢᠷᠠᠭᠤᠯᠵᠤ ᠪᠣᠯᠬᠤ ᠦᠭᠡᠢ︾ ᠲᠤᠯᠭᠠᠮ᠎ᠠ | ᠰᠡᠳᠬᠢᠯᠭᠡ ᠪᠠ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠠᠵᠤ | ᠦᠢᠯᠡᠰ ᠢ ᠬᠦᠴᠦᠷᠬᠡᠭᠵᠢᠭᠦᠯᠬᠦ᠂ ᠬᠤᠳᠠ ᠶᠢ ᠰᠠᠶᠢᠲᠤᠷ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ | ᠠᠬᠢᠭᠤᠯᠵᠤ᠂ ᠮᠠᠨ ᠤ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠬᠥᠲᠥᠯᠦᠮᠵᠢ ᠪᠣᠯᠭᠠᠵᠤ᠂ ᠡᠨᠡ ᠵᠢᠯ ᠤᠨ | ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ | ᠪᠠᠶᠢᠩᠭᠤ ᠶᠢᠨ ᠴᠢᠨᠠᠷᠲᠠᠢ ᠪᠠ ᠲᠥᠪᠯᠡᠷᠡᠯ ᠤᠨ ᠴᠢᠨᠠᠷ ᠢ ᠤᠶᠠᠯᠳᠤᠭᠤᠯᠤᠭᠰᠠᠨ ᠰᠤᠷᠭᠠᠨ ᠬᠥᠮᠦᠵᠢᠯ ᠤᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ | ᠲᠣᠳᠣᠷᠬᠠᠢ ᠪᠠᠶᠢᠯᠭᠠᠵᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠪᠠᠶᠢᠯᠭᠠᠬᠤ ᠬᠡᠷᠡᠭᠲᠡᠢ ᠃ | ᠳᠡᠭᠡᠳᠦ ᠱᠠᠲᠤᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠡᠷᠡᠭ ᠢᠶᠠᠷ ᠲᠤᠯᠢ ᠪᠣᠯᠭᠠᠨ ᠥᠪᠡᠷ ᠢ ᠪᠠᠨ ᠪᠠᠶᠢᠴᠠᠭᠠᠵᠤ | ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠵᠦ ᠂ ᠲᠦᠷᠢᠮ ᠤᠨ ᠲᠠᠯ᠎ᠠ ᠠᠴᠠ ᠳᠤᠲᠠᠭᠤᠳᠠᠯ ᠢᠶᠠᠨ ᠪᠠᠶᠢᠴᠠᠭᠠᠵᠤ | ᠳᠤᠲᠠᠭᠳᠠᠯ ᠢᠶᠠᠨ ᠨᠥᠬᠦᠪᠥᠷᠢᠯᠡᠬᠦ ᠶᠢ ᠴᠢᠬᠤᠯᠠᠴᠢᠯᠠᠵᠤ᠂ ᠶᠤᠸᠠᠨ ᠪᠦᠦ ᠱᠠᠨ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠲᠤᠭᠤᠷᠢᠭ ᠤᠨ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ | ᠬᠥᠮᠦᠰ ᠲᠠᠢ ᠬᠠᠮᠲᠤᠷᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠮᠠᠨ ᠤ | ᠲᠤᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ᠂ ᠤᠯᠠᠨ | ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠪᠠ ᠲᠦᠭᠵᠢᠮᠡᠯ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠨᠠᠷᠢᠯᠢᠭ ᠣᠨᠤᠪᠴᠢᠲᠠᠢ ᠪᠠᠷ | ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ᠂ ᠵᠣᠬᠢᠶᠠᠨ ᠪᠠᠶᠢᠭᠤᠯᠤᠯᠲᠠ᠂ ᠰᠤᠷᠲᠠᠯ᠂ ᠲᠦᠷᠢᠮ᠂ | ᠡᠩᠨᠡᠭᠡᠨ ᠤ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ | ᠲᠦᠪᠰᠢᠨ ᠢᠶᠠᠨ ᠣᠯᠡᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠣᠯ ᠮᠥᠷᠡᠨ ᠨᠠᠭᠤᠷ ᠴᠥᠭᠦᠷᠥᠮ ᠤᠨ ︽ | ᠲᠦᠷᠪᠡᠨ ᠲᠢᠭᠯᠢᠮ ᠦᠭᠡᠢ ᠪᠠᠶᠢᠳᠠᠯ ᠢ ᠴᠡᠭᠴᠡᠯᠡᠬᠦ︾ ᠡᠷᠬᠢᠨ ᠬᠠᠷᠠᠬᠤ ᠪᠠ ᠯᠤᠤᠬ᠎ᠠ ᠶᠢᠨ ᠭᠤᠣᠯ ᠤᠨ ᠵᠠᠮ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠭᠤᠣᠯ ᠪᠣᠯᠬᠤ ᠭᠤᠣᠯ ᠤᠨ ᠭᠤᠤ ᠰᠤᠪᠠᠭ ᠵᠢᠴᠢ | ᠰᠠᠶᠢᠷᠭᠠᠯ ᠤᠨ ᠣᠷᠣᠨ ᠤ ᠬᠡᠪᠴᠢᠶᠡᠨ ᠳᠠᠬᠢ ᠭᠠᠵᠠᠷ ᠤᠨ ᠲᠦᠷᠦᠯ ᠵᠢᠴᠢ ᠡᠷᠬᠡ ᠶᠢᠨ ᠬᠠᠷᠢᠶ᠎ᠠ ᠶᠢ ᠲᠣᠳᠣᠷᠬᠠᠶᠢᠯᠠᠵᠤ | ᠂ ᠭᠤᠣᠯ ᠤᠨ ᠵᠠᠮ᠂ ᠭᠤᠣᠯ ᠤᠨ ᠬᠠᠰᠢᠯᠭ᠎ᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠭᠤᠣᠯ ᠤᠨ ᠵᠠᠮ ᠤᠨ ᠦᠶᠡᠷ ᠤᠨ | ᠤᠷᠤᠰᠬᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠣᠨ ᠤ ᠠᠵᠢᠯ ᠤᠨ ᠲᠤᠬᠢᠷᠠᠭᠤᠯᠤᠯᠳᠠ ᠪᠣᠯᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ ᠂ | ᠲᠤᠭᠤᠷᠢᠭ ᠤᠨ ᠨᠠᠮ ᠤᠨ ᠬᠤᠷᠢᠶᠠᠨ ᠤ ᠪᠦᠬᠦᠳᠡ ᠬᠤᠷᠠᠯ ᠪᠣᠯᠤᠨ ᠬᠤᠶᠠᠷ ᠬᠤᠷᠠᠯ ᠠᠴᠠ ᠲᠣᠳᠣᠷᠬᠠᠶᠢᠯᠠᠭᠰᠠᠨ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |