| | | ᠣᠶᠢᠷ᠎ᠠ ᠳᠤ᠂ ᠮᠤᠬᠤᠷ ᠭᠤᠣᠯ ᠪᠠᠯᠭᠠᠰᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ︵ | ᠥᠷᠭᠡᠳᠬᠡᠭᠰᠡᠨ︶ ᠤᠨ ᠰᠤᠷᠤᠯᠴᠠᠯᠭ᠎ᠠ ᠵᠢᠴᠢ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ᠂ ᠲᠣᠰᠬᠤᠨ ᠤ ︽ᠬᠤᠶᠠᠷ | ᠵᠥᠪᠯᠡᠯ︾ ᠤᠨ ᠤᠳᠤᠷᠢᠳᠬᠤ ᠪᠠᠭ ᠤᠨ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠢ ᠡᠷᠬᠢᠯᠡᠵᠦ᠂ | ᠪᠠᠶᠢᠳᠠᠯ ᠳᠤ ᠪᠠᠨ ᠦᠳᠲᠡᠷ ᠲᠦᠷᠭᠡᠨ ᠲᠣᠬᠢᠷᠠᠭᠤᠯᠤᠯᠲᠠ ᠬᠢᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠥᠨ᠂ | ᠤᠯᠠᠨ ᠢ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ ᠨᠢᠭᠡ | ᠵᠢᠯ ᠤᠨ ᠠᠵᠢᠯ ᠳᠤ ᠰᠡᠳᠬᠢᠯ ᠵᠣᠷᠢᠭ ᠰᠢᠭᠤᠳᠤᠨ ᠣᠷᠤᠯᠴᠠᠭᠤᠯᠪᠠ᠃ | ᠲᠤᠰ ᠤᠳᠠᠭᠠᠨ ᠤ ᠨᠣᠮ ᠤᠩᠰᠢᠬᠤ ᠬᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠲᠥᠪᠯᠡᠷᠡᠭᠦᠯᠦᠨ ᠰᠤᠷᠤᠯᠴᠠᠬᠤ ᠪᠠᠷ ᠭᠤᠣᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ 8 ᠲᠤᠰᠬᠠᠢ ᠰᠡᠳᠦᠪ | ᠬᠤᠪᠢᠶᠠᠵᠤ᠂ ᠤᠭ ᠵᠣᠬᠢᠶᠠᠯ ᠢ ᠤᠯᠠᠮᠵᠢᠯᠠᠬᠤ᠂ ᠪᠢᠴᠢᠭ ᠮᠠᠲ᠋ᠧᠷᠢᠶᠠᠯ ᠤᠨ ᠲᠠᠶᠢᠯᠤᠮᠵᠢ᠂ ᠸᠢᠳᠢᠣ᠋ ᠪᠠᠷ ᠰᠤᠷᠤᠯᠴᠠᠬᠤ | ᠵᠡᠷᠭᠡ ᠠᠷᠭ᠎ᠠ ᠬᠡᠯᠪᠡᠷᠢ ᠪᠠᠷ ᠶᠠᠪᠤᠭᠳᠠᠵᠤ᠂ ᠵᠣᠷᠢᠯᠲᠠ ᠨᠢ ᠰᠤᠷᠤᠯᠴᠠᠯᠭ᠎ᠠ ᠪᠠᠷ ᠳᠠᠮᠵᠢᠭᠤᠯᠤᠨ ᠪᠦᠬᠦ ᠺᠠᠳ᠋ᠷᠴᠤᠳ ᠲᠤ | ᠬᠦᠴᠦᠨ ᠨᠡᠮᠡᠷᠢᠯᠡᠵᠦ᠂ ᠪᠦᠬᠦ ᠺᠠᠳ᠋ᠷᠴᠤᠳ ᠢ ᠪᠦᠲᠦᠮᠵᠢᠲᠡᠢ ᠱᠠᠯᠠᠪᠳᠠᠭᠤᠯᠤᠨ ᠪᠠᠶᠠᠷ ᠤᠨ ᠡᠳᠦᠷ ᠤᠨ ᠠᠭᠤᠷ | ᠠᠮᠢᠰᠬᠤᠯ ᠠᠴᠠ ᠲᠦᠷᠭᠡᠨ ᠭᠠᠷᠴᠤ᠂ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠣᠪᠣᠷ᠂ ᠨᠡᠩ ᠪᠣᠳᠠᠲᠠᠢ ᠶᠢ ᠡᠷᠬᠢᠮᠯᠡᠬᠦ | ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠠᠵᠢᠯ ᠳᠤ ᠰᠡᠳᠬᠢᠯ ᠰᠢᠭᠤᠳᠤᠨ | ᠣᠷᠤᠯᠴᠠᠭᠤᠯᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠬᠤ ᠶᠢᠨ ᠲᠥᠯᠥᠭᠡ ᠶᠤᠮ᠃ | ᠰᠤᠷᠤᠯᠴᠠᠯᠭ᠎ᠠ ᠶᠢᠨ ᠶᠠᠪᠤᠴᠠ ᠳᠤ᠂ ᠪᠦᠬᠦ ᠺᠠᠳ᠋ᠷᠴᠤᠳ ᠨᠠᠷᠢᠨ ᠬᠢᠨᠠᠮᠠᠭᠠᠢ ᠰᠣᠨᠣᠰᠴᠤ᠂ ᠨᠠᠷᠢᠯᠢᠭ ᠲᠡᠮᠳᠡᠭᠯᠡᠵᠦ᠂ | ᠢᠳᠡᠪᠬᠢᠲᠡᠢ ᠬᠥᠳᠡᠯᠦᠯᠴᠡᠵᠦ᠂ ᠤᠯᠠᠨ ᠢᠶᠠᠷ ᠢᠶᠠᠨ ᠲᠤᠰ ᠤᠳᠠᠭᠠᠨ ᠤ ᠨᠣᠮ ᠤᠩᠰᠢᠬᠤ ᠬᠤᠷᠠᠯ ᠢᠶᠠᠷ ᠳᠠᠮᠵᠢᠭᠠᠳ᠂ | ᠤᠨᠤᠯ ᠤᠨ ᠰᠠᠭᠤᠷᠢ ᠪᠠᠨ ᠤᠯᠠᠮ ᠨᠢᠭᠡ ᠠᠯᠬᠤᠮ ᠪᠠᠬᠢᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠲᠦᠷᠦ ᠶᠢᠨ | ᠪᠤᠳᠤᠯᠭ᠎ᠠ ᠪᠣᠯᠤᠨ ᠠᠵᠢᠯ ᠤᠨ ᠪᠠᠶᠢᠷᠢᠯᠠᠭᠤᠯᠤᠯᠲᠠ ᠶᠢᠨ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ | ᠪᠤᠯᠵᠤ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠴᠢᠷᠮᠠᠶᠢᠬᠤ ᠴᠢᠭᠯᠡᠯ ᠢᠶᠠᠨ ᠳᠣᠳᠤ ᠪᠣᠯᠭᠠᠪᠠ᠃ | ᠳᠠᠷᠠᠭᠠᠴᠢ ᠶᠢᠨ ᠠᠵᠢᠯ ᠤᠨ ᠳᠤᠮᠳᠠ᠂ ᠰᠤᠷᠴᠤ ᠰᠡᠳᠬᠢᠭᠰᠡᠨ ᠵᠦᠢᠯ ᠢᠶᠠᠨ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ | ᠵᠦᠢᠯ ᠤᠨ ᠠᠵᠢᠯ ᠳᠤ ᠰᠡᠳᠬᠢᠯ ᠵᠣᠷᠢᠭ ᠰᠢᠭᠤᠳᠤᠨ ᠣᠷᠣᠯᠴᠠᠵᠤ᠂ ᠮᠤᠬᠤᠷ ᠭᠤᠣᠯ ᠪᠠᠯᠭᠠᠰᠤᠨ ᠤ ᠬᠥᠭᠵᠢᠯᠲᠡ ᠳᠤ | ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃ | |